ᠬᠠᠶᠢᠷᠤᠪ ᠤᠨ ᠲᠤᠬᠤᠢ ᠲᠤᠭᠤᠷᠢᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢᠶᠠᠨ  ᠲᠠᠰᠤᠷᠠᠯᠳᠠ ᠦᠭᠡᠢ ᠳᠡᠭᠡᠭᠰᠢᠯᠡᠭᠦᠯᠤᠨ᠎ᠡ
ᠨᠡᠶᠢᠲᠡᠯᠡᠭᠰᠡᠨ ᠴᠠᠭ᠄
2022/9/8
      ᠡᠨᠡ ᠵᠢᠯ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠶᠢᠨ ᠬᠦᠴᠦᠲᠡᠢ ᠭᠠᠷᠳᠠᠴᠠ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠡᠷᠡᠭ ᠡᠷᠬᠢᠯᠡᠬᠦ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠬᠠᠶᠢᠷᠤᠪ ᠤᠨ ᠳᠤᠬᠤᠢ ᠲᠣᠭᠤᠷᠢᠭ ᠤᠨ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠢᠳᠡᠪᠬᠢᠲᠡᠢ ᠡᠮᠬᠢᠯᠡᠵᠦ᠂ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠵᠦᠢᠯᠡᠰ ᠢ ᠳᠡᠯᠭᠡᠷᠡᠭᠦᠯᠬᠦ ᠪᠠᠷ ᠠᠵᠠ ᠲᠣᠬᠢᠶᠠᠯ ᠪᠣᠯᠭᠠᠵᠤ᠂  ᠲᠤᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠡᠯ᠎ᠡ ᠬᠡᠷᠡᠭ ᠡᠷᠬᠢᠯᠡᠬᠦ ᠴᠣᠩᠬᠤᠨ ᠤ ᠬᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢ ᠬᠥᠳᠡᠯᠦᠩᠭᠦᠢ ᠪᠠᠷ ᠲᠠᠨᠢᠵᠤ ᠠᠪᠤᠭᠠᠳ ᠨᠠᠶᠢᠷᠠᠭᠤᠯᠤᠨ ᠵᠣᠬᠢᠶᠠᠵᠤ᠂ ᠭᠤᠶᠤᠴᠢᠯᠠᠬᠤ  ᠮᠠᠲ᠋ᠧᠷᠢᠶᠠᠯ ᠢ ᠪᠦᠬᠦ ᠲᠠᠯ᠎ᠠ ᠪᠠᠷ ᠪᠠᠭᠠᠰᠬᠠᠬᠤ ᠶᠢᠨ ᠬᠠᠮᠲᠤ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾᠎ ᠳᠤ ᠨᠢᠭᠡᠳᠦᠯᠲᠡᠢ ᠵᠠᠯᠭᠠᠨ ᠣᠷᠣᠭᠤᠯᠵᠤ ᠠᠵᠤ ᠠᠬᠤᠶᠢᠯᠠᠯ ᠤᠨ ᠤᠯᠠᠨ ᠲᠦᠮᠡᠨ ᠳᠤ ᠬᠡᠷᠡᠭ ᠡᠷᠬᠢᠯᠡᠬᠦ ᠪᠠᠷ ᠭᠤᠶᠤᠴᠢᠯᠠᠬᠤ ᠵᠠᠯᠭᠠᠰᠤ ᠶᠢ ᠬᠠᠩᠭᠠᠨ᠎ᠠ︔ ᠭᠦᠢᠴᠡᠤᠡᠭᠡᠬᠦ ᠭᠤᠭᠴᠤᠭ᠎ᠠ ᠶᠢ ᠦᠷᠭᠦᠯᠵᠢᠯᠡᠨ ᠪᠠᠭᠠᠰᠬᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ︽ᠮᠦᠩᠭᠡ ᠰᠤᠪᠠᠭ · ᠨᠢᠭᠡ ᠤᠳᠠᠭ᠎ᠠ ᠳᠤ ᠭᠦᠢᠴᠡᠤᠡᠭᠡᠬᠦ︾᠎ ᠪᠠᠷ ᠪᠠᠷᠢᠮᠵᠢᠶ᠎ᠠ ᠪᠣᠯᠭᠠᠨ ᠬᠠᠮᠢᠶ᠎ᠠ ᠪᠥᠬᠦᠶ ᠵᠤᠶᠢᠯᠡᠰ ᠢ ᠡᠮᠬᠢᠯᠡᠨ ᠨᠡᠶᠢᠯᠡᠭᠦᠯᠵᠦ᠂ ︽ᠨᠢᠭᠡ ᠬᠦᠰᠦᠨᠦᠭᠲᠦ ᠪᠠᠷ ᠮᠡᠳᠡᠭᠦᠯᠬᠦ᠂ ᠨᠢᠭᠡ ᠢᠵᠢ ᠮᠠᠲ᠋ᠧᠷᠢᠶᠠᠯ ᠢ ᠨᠢᠭᠡ ᠤᠳᠠᠭ᠎ᠠ ᠳᠤ ᠲᠤᠰᠢᠶᠠᠬᠤ︾᠎ ᠶᠢ ᠬᠡᠷᠡᠭᠵᠢᠭᠦᠯᠦᠨ᠂ ᠨᠢᠭᠡ ᠶᠠᠪᠤᠳᠠᠯ ᠢ ᠪᠥᠬᠦ ᠶᠠᠪᠤᠴᠠ ᠪᠠᠷ ᠲᠦᠷᠭᠡᠨ ᠰᠢᠢᠤᠡᠪᠤᠷᠢᠯᠡᠬᠦ ᠶᠢ ᠠᠬᠢᠭᠤᠯᠤᠨ᠎ᠠ︔ ᠠᠵᠤ ᠠᠬᠤᠶᠢᠯᠠᠯ ᠪᠠᠶᠢᠭᠤᠯᠬᠤ ᠳᠤ ᠬᠤᠯᠪᠣᠭᠳᠠᠭᠰᠠᠨ ᠠᠵᠤ ᠠᠬᠤᠶᠢᠯᠠᠯ ᠪᠠᠶᠢᠭᠤᠯᠬᠤ ᠶᠢ ᠪᠦᠷᠢᠳᠬᠡᠨ ᠳᠠᠩᠰᠠᠯᠠᠬᠤ᠂ ᠠᠯᠪᠠᠨ ᠲᠠᠮᠠᠭ᠎ᠠ ᠰᠡᠶᠢᠯᠦᠨ ᠤᠶᠢᠯᠡᠤᠡᠬᠦ᠂ ᠪᠠᠷᠢᠮᠲᠠ ᠭᠤᠶᠤᠴᠢᠯᠠᠨ ᠠᠪᠬᠤ ᠵᠡᠷᠭᠡ ᠵᠤᠶᠢᠯᠡᠰ ᠢ 1 ᠭᠤᠭᠴᠤᠭ᠎ᠠ᠂ 1 ᠢᠵᠢ ᠮᠠᠲ᠋ᠧᠷᠢᠶᠠᠯ ᠪᠣᠯᠭᠠᠨ ᠪᠠᠭᠠᠰᠬᠠᠵᠤ᠂ 0.5 ᠠᠵᠢᠯᠯᠠᠬᠤ ᠡᠳᠦᠷ ᠲᠤ  ᠭᠦᠢᠴᠡᠤᠡᠭᠡᠵᠤ ᠳᠠᠭᠤᠰᠬᠠᠨ᠎ᠠ᠃     ᠡᠨᠡ ᠵᠢᠯ᠂ ᠬᠠᠶᠢᠷᠤᠪ ᠤᠨ ᠳᠤᠬᠤᠢ ᠲᠣᠭᠤᠷᠢᠭ ᠤᠨ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾᠎ ᠶᠢ ᠯᠠᠪᠳᠠᠭᠤᠨ ᠪᠠᠲᠤᠲᠠᠢ ᠠᠬᠢᠭᠤᠯᠵᠤ᠂ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾᠎ ᠶᠢᠨ ᠲᠠᠪᠴᠠᠩ ᠳᠤ ᠨᠢᠭᠡᠳᠦᠭᠡᠷ ᠪᠦᠯᠦᠭ ᠤᠨ ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ᠦᠢᠯᠡᠴᠢᠯᠡᠭᠡᠨ ᠤ ᠵᠦᠢᠯᠡᠰ ᠤᠨ ᠨᠠᠷᠢᠨ ᠳᠠᠩᠰᠠ ᠶᠢ 201 ᠨᠡᠶᠢᠲᠡᠯᠡᠵᠦ᠂ ︽ᠳᠡᠭᠡᠭᠰᠢ ᠳᠡᠪᠰᠢᠭᠦᠯᠪᠡᠯ ᠵᠣᠬᠢᠬᠤ ᠶᠢ ᠨᠢ ᠪᠦᠬᠦᠨ ᠢ ᠰᠦᠯᠵᠢᠶᠡᠨ ᠳᠤ ᠭᠠᠷᠭᠠᠬᠤ︾᠎ ᠶᠢ ᠶᠡᠬᠡᠪᠡᠷ ᠠᠬᠢᠭᠤᠯᠵᠤ᠂ 7 × 24 ᠴᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠢ ᠪᠠᠶᠢᠭᠤᠯᠵᠤ᠂ ᠠᠷᠠᠳ ᠲᠤ ᠲᠦᠭᠦᠮ ᠦᠵᠡᠭᠦᠯᠵᠦ ᠰᠦᠢᠳᠬᠡᠯ ᠲᠤᠰᠢᠶᠠᠬᠤ᠂ ᠶᠡᠷᠦᠩᠬᠡᠶᠢᠯᠡᠭᠰᠡᠨ ᠭᠠᠶᠢᠯᠢ ᠭᠦᠢᠴᠡᠳᠬᠡᠬᠦ᠂ ᠪᠠᠷᠢᠮᠲᠠ ᠭᠤᠶᠤᠴᠢᠯᠠᠨ ᠠᠪᠬᠤ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠥᠪᠡᠷᠲᠡᠭᠡᠨ ᠦᠢᠯᠡᠴᠢᠯᠡᠬᠦ ᠦᠵᠦᠭᠦᠷᠯᠢᠭ ᠢ ᠲᠤᠬᠢᠷᠠᠭᠤᠯᠵᠤ᠂ ᠨᠡᠶᠢᠳᠡ 10 ᠰᠠᠯᠠᠭ᠎ᠠ ᠮᠥᠴᠢᠷ ᠤᠨ 52 ᠲᠦᠷᠦᠯ ᠤᠨ ᠲᠤᠬᠠᠶᠢᠯᠠᠭᠰᠠᠨ ᠠᠵᠢᠯ ᠳᠤ ᠬᠤᠯᠪᠣᠭᠳᠠᠪᠠ︔ ᠣᠷᠣᠯᠠᠨ ᠭᠦᠢᠴᠡᠤᠡᠭᠡᠬᠦ ᠬᠠᠪᠰᠤᠷᠤᠨ ᠭᠦᠢᠴᠡᠤᠡᠭᠡᠬᠦ ᠵᠠᠭᠪᠤᠷ ᠤᠨ ᠰᠢᠨ᠎ᠡ ᠶᠢ ᠡᠭᠦᠳᠴᠦ᠂ ︽ᠣᠷᠣᠯᠠᠨ ᠭᠦᠢᠴᠡᠤᠡᠭᠡᠬᠦ ᠬᠠᠪᠰᠤᠷᠤᠨ ᠭᠦᠢᠴᠡᠤᠡᠭᠡᠬᠦ ᠲᠤᠰᠬᠠᠶ ᠠᠩᠭᠢ︾᠎ ᠶᠢ ᠵᠣᠬᠢᠶᠠᠨ ᠪᠠᠶᠢᠭᠤᠯᠵᠤ᠂ ᠬᠡᠷᠡᠭᠴᠡᠭᠡ ᠲᠠᠢ ᠠᠵᠤ ᠠᠬᠤᠶᠢᠯᠠᠯ ᠤᠨ ᠣᠯᠠᠨ ᠲᠦᠮᠡᠨ ᠳᠤ ᠪᠥᠬᠦ ᠶᠠᠪᠤᠴᠠ ᠳᠤ ᠣᠷᠣᠯᠠᠨ ᠭᠦᠢᠴᠡᠤᠡᠭᠡᠬᠦ ᠬᠠᠪᠰᠤᠷᠤᠨ ᠭᠦᠢᠴᠡᠤᠡᠭᠡᠬᠦ  ᠤᠶᠢᠯᠡᠴᠢᠯᠡᠭᠡ ᠬᠠᠩᠭᠠᠨ᠎ᠠ︔ ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠳᠤ ᠬᠤᠯᠪᠣᠭᠳᠠᠬᠤ ᠪᠣᠶ ᠪᠥᠬᠦᠶ ᠭᠦᠢᠴᠡᠤᠡᠭᠡᠬᠦ ᠵᠤᠶᠢᠯᠡᠰ ᠲᠤ ᠣᠷᠣᠯᠠᠨ ᠭᠦᠢᠴᠡᠤᠡᠭᠡᠬᠦ ᠬᠠᠪᠰᠤᠷᠤᠨ ᠭᠦᠢᠴᠡᠤᠡᠭᠡᠬᠦ ᠤᠶᠢᠯᠡᠴᠢᠯᠡᠭᠡ ᠬᠢᠵᠦ᠂ ᠭᠤᠤᠯᠳᠠᠯᠭ᠎ᠠ ᠲᠠᠢ ᠲᠥᠷᠥᠯ ᠵᠤᠶᠢᠯ ᠤᠨ ᠮᠥᠷᠳᠡᠨ  ᠤᠶᠢᠯᠡᠴᠢᠯᠡᠬᠦ ᠶᠢ ᠠᠬᠢᠭᠤᠯᠤᠨ᠂ ᠭᠤᠤᠯᠳᠠᠯᠭ᠎ᠠ ᠲᠠᠢ ᠲᠥᠷᠥᠯ ᠵᠤᠶᠢᠯ ᠤᠨ ᠪᠥᠬᠦ ᠶᠠᠪᠤᠴᠠ ᠶᠢ ᠮᠥᠷᠳᠡᠬᠦ ᠶᠢ ᠪᠡᠶᠡᠯᠡᠭᠦᠯᠵᠦ᠂ ᠲᠥᠷᠥᠯ ᠵᠤᠶᠢᠯ ᠤᠨ ᠬᠠᠮᠢᠶ᠎ᠠ ᠪᠥᠬᠦᠶ ᠬᠢᠨᠠᠨ ᠵᠥᠪᠰᠢᠶᠡᠷᠡᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ︔ ︽ᠭᠠᠷᠠᠭ ᠤᠨ ᠰᠡᠭᠦᠯᠴᠢ ᠶᠢᠨ ᠴᠠᠭ ᠢ ᠤᠷᠲᠤᠳᠬᠠᠨ ᠪᠣᠯᠵᠣᠬᠤ︾ ᠦᠢᠯᠡᠴᠢᠯᠡᠭᠡ ᠶᠢ ᠬᠡᠷᠡᠭᠵᠢᠭᠦᠯᠵᠦ᠂ ᠨᠢᠭᠡᠳᠦᠭᠡᠷ ᠪᠦᠯᠦᠭ ᠤᠨ ᠴᠠᠭ ᠢ ᠤᠷᠲᠤᠳᠬᠠᠭᠰᠠᠨ ᠦᠢᠯᠡᠴᠢᠯᠡᠭᠡᠨ ᠤ ᠵᠦᠢᠯᠡᠰ ᠢ 146 ᠨᠡᠶᠢᠲᠡᠯᠡᠵᠦ᠂ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠴᠣᠩᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠴᠣᠩᠬᠤ᠂ ᠡᠮ ᠡᠮᠨᠡᠯᠭᠡ ᠶᠢᠨ ᠳᠠᠭᠠᠳᠬᠠᠯ ᠤᠨ ᠶᠡᠷᠦᠩᠬᠡᠶᠢᠯᠡᠭᠰᠡᠨ ᠴᠣᠩᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠴᠣᠩᠬᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠴᠣᠩᠬᠤ ᠶᠢ ᠨᠡᠭᠡᠭᠡᠵᠦ᠂ ᠠᠵᠤ ᠠᠬᠤᠶᠢᠯᠠᠯ ᠤᠨ ᠤᠯᠠᠨ ᠲᠦᠮᠡᠨ ᠤ ︽ᠠᠵᠢᠯ ᠳᠤ  ᠭᠠᠷᠤᠭᠰᠠᠨ ᠤ ᠳᠠᠷᠠᠭ᠎ᠠ ᠴᠢᠯᠥᠭᠡ ᠦᠭᠡᠢ᠂ ᠠᠵᠢᠯ ᠠᠴᠠ ᠪᠠᠭᠤᠬᠤ ᠳᠤ ᠭᠦᠢᠴᠡᠳᠬᠡᠬᠦ ᠭᠠᠵᠠᠷ ᠦᠭᠡᠢ︾ ᠪᠠᠶᠢᠬᠤ ᠬᠦᠴᠢᠷ ᠲᠦᠪᠡᠭ ᠲᠠᠢ ᠠᠰᠠᠭᠤᠳᠠᠯ ᠢ ᠦᠨᠡᠨ ᠬᠦ  ᠰᠢᠢᠤᠡᠪᠤᠷᠢᠯᠡᠪᠡ ᠃     ᠬᠠᠶᠢᠷᠤᠪ ᠤᠨ ᠲᠤᠬᠤᠢ ᠲᠣᠭᠤᠷᠢᠭ ᠲᠤ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠰᠠᠶᠢᠨ ᠮᠠᠭᠤ ᠶᠢ ᠦᠨᠡᠯᠡᠬᠦ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠪᠦᠷᠬᠦᠬᠦᠯᠬᠦ᠂ ᠦᠨᠡᠯᠡᠬᠦ ᠡᠲᠡᠭᠡᠳ ᠢ ᠪᠦᠬᠦᠨ ᠢ ᠪᠦᠷᠬᠦᠬᠦᠯᠬᠦ ᠪᠠ ᠦᠢᠯᠡᠴᠢᠯᠡᠭᠡᠨ ᠤ ᠠᠷᠭ᠎ᠠ ᠵᠠᠮ ᠢ ᠪᠦᠬᠦᠨ ᠢ ᠪᠦᠷᠬᠦᠬᠦᠯᠬᠦ ᠱᠠᠭᠠᠷᠳᠠᠯᠭ᠎ᠠ ᠶᠣᠰᠣᠭᠠᠷ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ︽ᠰᠠᠶᠢᠨ ᠮᠠᠭᠤ ᠶᠢ ᠦᠨᠡᠯᠡᠬᠦ︾᠎ ᠶᠢ ᠯᠠᠪᠳᠠᠭᠤᠨ ᠪᠠᠲᠤᠲᠠᠢ ᠠᠬᠢᠭᠤᠯᠪᠠ︔ ᠳᠡᠭᠡᠭᠰᠢᠯᠡᠭᠦᠯᠬᠦ ᠲᠦᠷᠢᠮ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠪᠠᠷᠢᠮᠵᠢᠶᠠᠵᠢᠭᠰᠠᠨ᠂ ᠵᠢᠷᠤᠮᠵᠢᠭᠰᠠᠨ᠂ ᠳᠥᠭᠦᠮᠴᠢᠯᠡᠭᠰᠡᠨ ᠤᠶᠢᠯᠡᠴᠢᠯᠡᠭᠡᠨ ᠤ ᠪᠠᠷᠢᠮᠵᠢᠶ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠤᠯᠠᠷᠢᠯ ᠤᠨ ᠰᠢᠯᠭᠠᠨ ᠦᠨᠡᠯᠡᠬᠦ ᠠᠵᠢᠯ ᠢ ᠥᠷᠨᠢᠭᠦᠯᠦᠨ᠂ ︽ᠪᠣᠯᠪᠠᠰᠤᠨ ᠴᠣᠩᠬᠤ︾ ︽ᠤᠶᠢᠯᠡᠴᠢᠯᠡᠭᠡᠨ ᠤ ᠵᠢᠱᠢᠶᠡᠴᠢ︾ ︽ᠬᠠᠮᠤᠭ ᠤᠨ ᠭᠤᠶᠣ ᠵᠠᠰᠠᠭ ᠤᠨ ᠶᠠᠪᠤᠳᠠᠯ ᠤᠨ ᠠᠵᠢᠯᠲᠠᠨ︾ ᠵᠡᠷᠭᠡ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ᠴᠣᠩᠬᠤᠨ ᠤ ᠲᠦᠷᠦᠭᠦᠤ ᠠᠰᠠᠭᠤᠯᠲᠠ ᠶᠢᠨ ᠬᠠᠷᠢᠭᠤᠴᠠᠬᠤ ᠲᠦᠷᠢᠮ᠂ ᠴᠣᠩᠬᠤᠨ ᠤ ᠲᠦᠷᠦᠭᠦᠤ ᠲᠥᠯᠥᠭᠡᠯᠡᠭᠴᠢ ᠶᠢᠨ ᠲᠦᠷᠢᠮ᠂ ᠴᠣᠩᠬᠤᠨ ᠤ ᠦᠭᠡᠶᠢᠰᠬᠡᠬᠦ ᠡᠷᠬᠡ ᠥᠬᠡᠶ ᠪᠠᠶᠢᠬᠤ ᠲᠦᠷᠢᠮ ᠵᠡᠷᠭᠡ ᠶᠢ ᠬᠡᠷᠡᠭᠵᠢᠭᠦᠯᠦᠨ᠎ᠡ︔ ︽ᠬᠠᠨᠤᠮᠵᠢ ᠶᠢᠨ ᠬᠡᠮᠵᠢᠶ᠎ᠡ ᠶᠢᠨ ᠬᠠᠷᠢᠭᠤ ᠰᠤᠷᠪᠤᠯᠵᠢᠯᠠᠭ᠎ᠠ︾᠎ ᠶᠢᠨ ᠠᠵᠢᠯ ᠢ ᠥᠷᠨᠢᠭᠦᠯᠵᠦ᠂ ᠤᠲᠠᠰᠤ ᠪᠠᠷ ᠬᠠᠷᠢᠭᠤ ᠰᠤᠷᠪᠤᠯᠵᠢᠯᠠᠬᠤ᠂ ᠰᠦᠯᠵᠢᠶ᠎ᠡ ᠪᠠᠷ ᠬᠠᠷᠢᠭᠤ ᠰᠤᠷᠪᠤᠯᠵᠢᠯᠠᠬᠤ᠂ ᠲᠤᠬᠠᠶ ᠶᠢᠨ ᠲᠠᠯᠠᠪᠤᠷ ᠲᠤ ᠬᠠᠷᠢᠭᠤ ᠰᠤᠷᠪᠤᠯᠵᠢᠯᠠᠬᠤ ᠭᠤᠷᠪᠠᠨ ᠵᠤᠶᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠴᠣᠩᠬᠤᠨ ᠤ ᠠᠵᠢᠯᠲᠠᠨ ᠤ  ᠤᠶᠢᠯᠡᠴᠢᠯᠡᠬᠦ ᠣᠪᠣᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ  ᠭᠦᠢᠴᠡᠤᠡᠭᠡᠵᠤ ᠳᠠᠭᠤᠰᠬᠠᠬᠤ ᠦᠷ᠎ᠡ ᠪᠦᠲᠦᠮᠵᠢ ᠶᠢ ᠵᠢᠷᠤᠮᠵᠢᠭᠤᠯᠤᠨ᠂ ᠠᠵᠢᠯ ᠤᠨ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ᠂ ᠬᠠᠷᠢᠭᠤ ᠲᠤᠰᠬᠠᠬᠤ᠂ ᠬᠢᠨᠠᠨ ᠰᠢᠯᠭᠠᠬᠤ ᠪᠥᠬᠦ ᠶᠠᠪᠤᠴᠠ ᠶᠢᠨ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠡᠶᠡᠯᠡᠭᠦᠯᠵᠦ᠂ ᠵᠠᠭᠠᠯᠳᠤᠯᠭ᠎ᠠ ᠶᠢ ᠰᠢᠢᠤᠡᠪᠤᠷᠢᠯᠡᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠤᠶᠢᠯᠡᠴᠢᠯᠡᠭᠡᠨ ᠤ ᠬᠢᠨᠠᠯᠲᠠ ᠲᠠᠯᠪᠢᠯᠲᠠ ᠶᠢ ᠴᠢᠩᠭᠠᠷᠠᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号