ᠵᠠᠰᠠᠭ ᠤᠨ ᠣᠷᠳᠣᠨ ᠤ ᠠᠯᠪᠠᠨ ᠮᠡᠳᠡᠭᠡ 2023 ᠣᠨ ᠤ 1 ᠳ᠋ᠤᠭᠡᠷ ᠬᠤᠭᠤᠴᠠᠭ᠎ᠠ ︵ᠶᠡᠷᠦᠩᠬᠡᠢ 11 ᠳ᠋ᠤᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2023/1/10
2023年第1期.jpg
ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠠᠯᠪᠠᠨ ᠵᠠᠷ ︵  1 ᠳ᠋ᠦ᠋ᠭᠡᠷ ᠲᠣᠭᠠᠲᠤ ︶         ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ 2023 ᠣᠨ ᠤ 1 ᠰᠠᠷ᠎ᠠ ᠶᠢᠨ 7᠎ ᠤ ᠡᠳᠦᠷ 2023 ᠣᠨ ᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ︵5 ᠵᠦᠢᠯ︶᠎ ᠢ ᠲᠤᠭᠳᠠᠭᠠᠪᠠ᠄       ᠨᠢᠭᠡ᠂ ᠪᠢᠨ ᠾᠧ ᠪᠠᠭ᠎ᠠ ᠰᠤᠷᠭᠠᠭᠤᠯᠢ ᠶᠢᠨ ᠰᠦᠯᠢᠶᠣᠣ ᠴᠠᠪᠠᠤ ᠶᠢᠨ ᠭᠦᠶᠦᠯᠲᠡ ᠶᠢᠨ ᠵᠠᠮ ᠤᠨ ᠲᠦᠷᠦᠯ ᠵᠦᠢᠯ︔       ᠬᠤᠶᠠᠷ᠂ ᠴᠡᠭᠡᠯ ᠠᠭᠤᠯᠠ ᠪᠠᠯᠭᠠᠰᠤ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ       ᠭᠤᠷᠪᠠ᠂ ᠴᠡᠭᠡᠯ ᠠᠭᠤᠯᠠ ᠪᠠᠯᠭᠠᠰᠤ ᠶᠢᠨ ᠵᠠᠮ ᠤᠨ ᠳ᠋ᠧᠩ ᠢ ᠰᠢᠨ᠎ᠡ ᠪᠠᠷ ᠨᠡᠮᠡᠭᠳᠡᠭᠦᠯᠬᠦ ᠥᠭᠡᠷᠡᠴᠢᠯᠡᠯᠲᠡ ᠶᠢᠨ ᠢᠨᠵᠧᠨᠧᠷᠢᠩ︔        ᠳᠥᠷᠪᠡ᠂ ᠬᠠᠶᠢᠷᠤᠪ ᠤᠨ ᠲᠤᠬᠤᠢ ᠲᠣᠭᠤᠷᠢᠭ ᠤᠨ 2023 ᠣᠨ ᠤ ᠬᠠᠭᠤᠴᠢᠨ ᠰᠠᠭᠤᠭᠠᠯᠢ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠬᠦ ᠢᠨᠵᠧᠨᠧᠷᠢᠩ ︵ᠮᠦᠸᠧ ᠬᠠᠢ ᠼᠦᠢ ᠲᠢᠩ ᠪᠠᠭ᠎ᠠ ᠲᠣᠭᠤᠷᠢᠭ᠂ ᠰᠢᠨ ᠬᠠᠢ ᠪᠠᠭ᠎ᠠ ᠲᠣᠭᠤᠷᠢᠭ︶︔       ᠲᠠᠪᠤ᠂ ᠬᠠᠶᠢᠷᠤᠪ ᠤᠨ ᠲᠤᠬᠤᠢ ᠲᠣᠭᠤᠷᠢᠭ ᠤᠨ ᠴᠡᠪᠡᠷ ᠳᠤᠯᠠᠭᠠᠯᠠᠭ᠎ᠠ ᠶᠢᠨ ᠲᠦᠷᠦᠯ ᠵᠦᠢᠯ ᠤᠨ ᠲᠠᠷᠢᠶᠠᠯᠠᠬᠤ ᠣᠷᠣᠨ ᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠢᠨᠵᠧᠨᠧᠷᠢᠩ . ᠡᠳᠦᠭᠡ ᠠᠯᠪᠠᠨ ᠵᠠᠷ ᠨᠡᠶᠢᠲᠡᠯᠡᠪᠡ᠃       ᠬᠠᠶᠢᠷᠤᠪ ᠤᠨ ᠲᠤᠬᠤᠢ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠬᠦᠮ                           2023 ᠣᠨ ᠤ 1 ᠰᠠᠷ᠎ᠠ ᠶᠢᠨ 7᠎ ᠤ ᠡᠳᠦᠷᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠠᠵᠤ ᠠᠬᠤᠶᠢᠯᠠᠯ ᠢ ᠤᠷᠢᠵᠤ ᠠᠵᠢᠯᠲᠠᠨ ᠡᠯᠰᠡᠬᠦ ᠬᠤᠷᠠᠯ ᠳᠤ ᠣᠷᠣᠯᠴᠠᠭᠤᠯᠬᠤ ᠲᠤᠬᠠᠶ ᠮᠡᠳᠡᠭᠳᠡᠯ ᠡᠯ᠎ᠡ ᠠᠵᠤ ᠠᠬᠤᠶᠢᠯᠠᠯ᠄       ᠮᠠᠨ ᠤ ᠲᠥᠪ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠶᠢᠨ ᠬᠠᠮᠲᠤ᠂ ᠮᠠᠨ ᠤ ᠲᠤᠭᠤᠷᠢᠭ ᠤᠨ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠳᠤ ᠬᠦᠴᠦᠨ ᠨᠡᠮᠡᠷᠢᠯᠡᠬᠦ ᠶᠢᠨ ᠬᠠᠮᠲᠤ᠂ ᠬᠠᠶᠢᠷᠤᠪ ᠤᠨ ᠲᠣᠬᠤᠶ ᠲᠣᠭᠤᠷᠢᠭ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠥᠪ 2 ᠰᠠᠷ᠎ᠠ ᠶᠢᠨ 11᠎ ᠤ ᠡᠳᠦᠷ ︵ᠭᠠᠷᠠᠭ ᠤᠨ ᠵᠢᠷᠭᠤᠭ᠎ᠠ︶ ᠠᠵᠢᠯᠲᠠᠨ ᠡᠯᠰᠡᠬᠦ ᠬᠤᠷᠠᠯ ᠡᠷᠭᠢᠯᠡᠪᠡ᠃       ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠴᠠᠭ 2023 ᠤᠨ ᠤ 1 ᠰᠠᠷ᠎ᠠ ᠶᠢᠨ 18᠎ ᠤ ᠡᠳᠤᠷ — 2023 ᠤᠨ ᠤ 1 ᠰᠠᠷ᠎ᠠ ᠶᠢᠨ 31᠎ ᠤ ᠡᠳᠤᠷ       ᠬᠤᠶᠠᠷ᠂ ᠨᠡᠷ᠎ᠡ ᠮᠡᠳᠡᠭᠦᠯᠬᠦ ᠠᠷᠭ᠎ᠠ ᠮᠠᠶ᠋ᠢᠭ       1. ︽ᠬᠠᠶᠢᠷᠤᠪ ᠤᠨ ᠲᠤᠬᠤᠢ ᠲᠤᠭᠤᠷᠢᠭ ᠤᠨ ᠠᠵᠢᠯᠲᠠᠨ ᠡᠯᠰᠡᠬᠦ ᠤᠶᠢᠯᠡᠴᠢᠯᠡᠭᠡᠨ ᠤ ᠴᠤᠭᠯᠠᠭᠠᠨ︾᠎ ᠳᠤ ᠨᠡᠷ᠎ᠡ ᠮᠡᠳᠡᠭᠦᠯᠵᠦ ᠪᠣᠯᠤᠨ᠎ᠠ᠃       2᠂ 3890100᠎ ᠶᠢᠨ ᠤᠲᠠᠰᠤ ᠪᠠᠷ ᠨᠡᠷ᠎ᠡ ᠮᠡᠳᠡᠭᠦᠯᠵᠦ ᠳᠠᠩᠰᠠᠯᠠᠭᠤᠯᠵᠤ ᠪᠣᠯᠤᠨ᠎ᠠ᠃       3᠂ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠦᠨ᠎ᠡ᠃       ︵ᠨᠡᠷ᠎ᠡ ᠮᠡᠳᠡᠭᠦᠯᠦᠭᠰᠡᠨ ᠬᠠᠶ᠋ᠢᠭ᠄ ᠬᠠᠶᠢᠷᠤᠪ ᠤᠨ ᠲᠣᠬᠤᠢ ᠲᠣᠭᠤᠷᠢᠭ ᠤᠨ ᠬᠤᠶᠠᠷ ᠢ ᠬᠦᠷᠢᠶᠡᠯᠡᠬᠦ ᠵᠡᠭᠡᠯᠢ ᠶᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ 2 ᠳ᠋ᠤᠭᠠᠷ ᠳᠠᠪᠬᠤᠷᠯᠢᠭ ᠤᠨ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠥᠪ ᠤᠨ 22 ᠳ᠋ᠤᠭᠠᠷ ᠲᠣᠭᠠᠲᠤ ᠴᠣᠩᠬᠤ︶      ᠭᠤᠷᠪᠠ᠂ ᠡᠷᠬᠢᠯᠡᠭᠰᠡᠨ ᠴᠠᠭ᠂ ᠭᠠᠵᠠᠷ ᠴᠠᠭ᠄ 2023 ᠣᠨ ᠤ 2 ᠰᠠᠷ᠎ᠠ ᠶᠢᠨ 11᠎ ᠤ ᠦᠳᠡ ᠶᠢᠨ ᠡᠮᠦᠨ᠎ᠡ᠃ ᠭᠠᠵᠠᠷ ᠣᠷᠣᠨ᠄ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠣᠯᠠᠨ ᠨᠡᠶᠢᠲᠡ ᠶᠢᠨ ᠳ᠋ᠤᠭᠠᠷ ᠲᠤ ᠠᠩᠬᠠᠷᠤᠯ ᠢᠶᠠᠨ ᠲᠠᠯᠪᠢ᠃ ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ       1᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠨᠢᠭᠡᠴᠡ ᠨᠡᠷ᠎ᠡ ᠮᠡᠳᠡᠭᠦᠯᠦᠭᠰᠡᠨ ᠬᠤᠭᠤᠴᠠᠭᠠᠨ ᠳᠣᠲᠣᠷ᠎ᠠ ᠨᠡᠷ᠎ᠡ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃       2᠂ ᠠᠵᠤ ᠠᠬᠤᠶᠢᠯᠠᠯ ᠳᠤ ᠣᠷᠣᠯᠴᠠᠬᠤ ᠳᠤ ᠥᠪᠡᠷ ᠢᠶᠠᠨ ᠠᠪᠴᠤ ᠳᠡᠯᠭᠡᠨ ᠦᠵᠡᠭᠦᠯᠬᠦ ᠵᠠᠷ ᠮᠡᠳᠡᠭᠡ ᠵᠢᠴᠢ ᠬᠤᠯᠪᠣᠭᠳᠠᠬᠤ ᠠᠵᠢᠯᠲᠠᠨ ᠤᠷᠢᠬᠤ ᠳᠤ ᠬᠡᠷᠡᠭᠰᠡᠬᠦ ᠮᠠᠲ᠋ᠧᠷᠢᠶᠠᠯ ᠪᠠᠶᠢᠬᠤ ᠬᠡᠷᠡᠭᠲᠡᠶ᠃       3. ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠪᠣᠯᠤᠨ᠎ᠠ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠠᠪᠴᠤ ᠶᠠᠪᠤᠭᠰᠠᠨ ᠤ ᠬᠠᠮᠲᠤ ᠶᠠᠪᠤᠭᠳᠠᠭᠤᠯᠵᠤ ᠪᠣᠯᠤᠨ᠎ᠠ᠂ ᠠᠵᠤ ᠠᠬᠤᠶᠢᠯᠠᠯ ᠨᠢ ᠥᠪᠡᠰᠦᠪᠡᠨ ᠠᠵᠢᠯᠲᠠᠨ ᠡᠯᠰᠡᠬᠦ ᠠᠷᠭ᠎ᠠ ᠮᠠᠶ᠋ᠢᠭ ᠢ ᠰᠣᠩᠭᠤᠭᠰᠠᠨ ᠪᠥᠭᠡᠳ ᠨᠡᠷ᠎ᠡ ᠮᠡᠳᠡᠭᠦᠯᠬᠦ ᠦᠶ᠎ᠡ ᠳᠤ ᠮᠡᠳᠡᠭᠡ ᠵᠠᠩᠭᠢ ᠪᠠᠨ ᠪᠦᠷᠢᠨ ᠪᠦᠲᠦᠨ ᠲᠡᠮᠳᠡᠭᠯᠡᠵᠦ᠂ ᠰᠢᠭᠤᠳ ᠨᠡᠪᠲᠡᠷᠡᠭᠦᠯᠭᠡ ᠳᠤ ᠣᠷᠣᠯᠴᠠᠵᠤ ᠪᠠᠶᠢᠭ᠎ᠠ ᠠᠵᠤ ᠠᠬᠤᠶᠢᠯᠠᠯ ᠨᠢ ᠰᠢᠭᠤᠳ ᠨᠡᠪᠲᠡᠷᠡᠭᠦᠯᠭᠡ ᠶᠢᠨ ᠮᠠᠲ᠋ᠧᠷᠢᠶᠠᠯ ᠢ ᠥᠪᠡᠰᠦᠪᠡᠨ ᠪᠡᠯᠡᠳᠬᠡᠵᠦ ᠪᠣᠯᠤᠨ᠎ᠠ᠃      4᠂ ᠨᠢᠭᠡᠨᠲᠡ ᠨᠡᠷ᠎ᠡ ᠮᠡᠳᠡᠭᠦᠯᠦᠭᠰᠡᠨ ᠠᠵᠤ ᠠᠬᠤᠶᠢᠯᠠᠯ ᠴᠠᠭ ᠲᠤᠬᠠᠶ ᠳᠤᠨᠢ ᠣᠷᠣᠯᠴᠠᠵᠤ ᠳᠡᠶᠢᠯᠬᠦ ᠦᠭᠡᠶ ᠪᠣᠯ 3 ᠡᠳᠦᠷ ᠤᠷᠢᠳᠴᠢᠯᠠᠨ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠮᠡᠳᠡᠭᠳᠡᠭᠡᠷᠡᠶ᠃      ᠠᠰᠠᠭᠤᠨ ᠯᠠᠪᠯᠠᠬᠤ ᠤᠲᠠᠰᠤ᠄ 3890100 ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ                           2023 ᠤᠨ ᠤ 1 ᠰᠠᠷ᠎ᠠ ᠶᠢᠨ 18᠎ ᠤ ᠡᠳᠤᠷᠬᠠᠶᠢᠷᠤᠪ ᠤᠨ ᠲᠣᠬᠤᠢ ᠲᠣᠭᠤᠷᠢᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ ᠡᠯ᠎ᠡ ᠬᠠᠮᠢᠶ᠎ᠠ ᠪᠥᠬᠦᠶ ᠨᠢᠭᠡᠴᠡ᠄     ︽ᠤᠯᠤᠰ ᠤᠨ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠬᠤᠳᠠᠯᠳᠤᠭᠠᠨ ᠤ ᠶᠠᠪᠤᠳᠠᠯ ᠤᠨ ᠶᠠᠮᠤᠨ ᠤ ᠠᠯᠪᠠᠨ ᠲᠢᠩᠬᠢᠮ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ ᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠳᠡᠮᠵᠢᠨ ᠬᠡᠷᠡᠭᠵᠢᠭᠦᠯᠬᠦ ᠲᠤᠬᠠᠶ ᠮᠡᠳᠡᠭᠳᠡᠯ︾᠂ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯᠯᠠᠭ᠎ᠠ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠤᠳᠠᠯᠳᠤᠭᠠᠨ ᠤ ᠶᠠᠪᠤᠳᠠᠯ ᠤᠨ ᠲᠢᠩᠬᠢᠮ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠮᠡᠳᠡᠭᠳᠡᠯ︾ ᠪᠠ ︽ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾᠎ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠵᠢᠯᠣᠭᠤᠳᠣᠯᠭ᠎ᠠ ᠶᠢ ᠦᠨᠡᠨ ᠬᠦ ᠴᠢᠩᠭᠠᠳᠬᠠᠵᠤ᠂ ᠮᠠᠨ ᠤ ᠲᠤᠭᠤᠷᠢᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ᠂ ᠴᠢᠨᠠᠷ ᠰᠠᠶᠢᠲᠠᠶ ᠪᠡᠶᠡᠯᠡᠭᠦᠯᠬᠦ ᠶᠢᠨ ᠲᠤᠰᠠᠳᠠ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠬᠠᠶᠢᠷᠤᠪ ᠤᠨ ᠲᠣᠬᠤᠶ ᠲᠣᠭᠤᠷᠢᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠂ ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄       ᠳᠤᠭᠤᠶᠢᠯᠠᠩ ᠤᠨ ᠳᠠᠷᠤᠭ᠎ᠠ᠄       ᠼᠦᠢ ᠬᠤᠩ ᠪᠥᠸᠧ   ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ       ᠳᠤᠭᠤᠶᠢᠯᠠᠩ ᠤᠨ ᠳᠡᠳ᠋ ᠳᠠᠷᠤᠭ᠎ᠠ᠄       ᠶᠠᠩ ᠱᠠᠩ ᠯᠢᠨ   ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ ᠳᠡᠳ᠋ ᠳᠠᠷᠤᠭ᠎ᠠ       ᠸᠠᠩ ᠱᠤ᠋ ᠶᠠᠨ   ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ       ᠪᠦᠷᠢᠯᠳᠦᠬᠦᠨ᠄       ᠵᠠᠩ ᠱᠢ ᠶᠦᠩ   ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ       ᠱᠠᠩ ᠬᠠᠢ ᠶᠤᠸᠠᠨ   ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ       ᠵᠠᠩ ᠴᠦᠨ ᠫᠢᠩ   ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶᠠᠨ ᠤ ᠳᠠᠷᠤᠭ᠎ᠠ       ᠰᠢᠨ ᠶᠤᠸᠠᠢ ᠶᠢᠩ   ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠲᠠᠷᠤᠭ᠎ᠠ       ᠰᠦᠩ ᠬᠠᠶ ᠮᠢᠩ   ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ       ᠸᠧᠶ ᠵᠢᠶᠠᠨ ᠷᠦᠩ   ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ       ᠯᠢ ᠯᠢᠶᠠᠩ   ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ       ᠫᠧᠩ ᠸᠧᠨ ᠰᠢᠶᠠᠩ   ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ       ᠰᠢᠤᠢ ᠵᠢᠶᠧ   ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ       ᠹᠦ᠋ ᠷᠦᠢ   ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ         ᠴᠢᠶᠣᠤ ᠲᠦᠩ   ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ       ᠬᠠᠩ ᠶᠠᠨ ᠹᠧᠩ   ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠠᠷᠤᠭ᠎ᠠ       ᠯᠦᠸᠧ ᠢ   ᠲᠣᠭᠤᠷᠢᠭ ᠤᠨ ᠡᠷᠡᠭᠦᠯ ᠬᠠᠮᠠᠭᠠᠯᠠᠯ ᠪᠠ ᠡᠷᠡᠭᠦᠯ ᠮᠡᠨᠳᠤ ᠶᠢᠨ ᠵᠥᠪᠯᠡᠯ       ᠯᠢ ᠯᠸᠢ   ᠲᠣᠭᠤᠷᠢᠭ ᠤᠨ ᠬᠢᠨᠠᠨ ᠪᠤᠳᠤᠬᠤ ᠲᠣᠪᠴᠢᠶᠠᠨ ᠤ ᠳᠠᠷᠤᠭ᠎ᠠ       ᠯᠢᠶᠠᠩ ᠢᠦᠶ ᠫᠧᠩ   ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ       ᠵᠢᠶᠠ ᠸᠧᠨ ᠯᠢ   ᠲᠤᠭᠤᠷᠢᠭ ᠤᠨ ᠲᠤᠭ᠎ᠠ ᠪᠦᠷᠢᠳᠭᠡᠯ ᠤᠨ ᠲᠤᠪᠴᠢᠶᠠᠨ ᠤ ᠳᠠᠷᠤᠭ᠎ᠠ       ᠰᠢᠦᠢ ᠪᠢᠨ   ᠲᠤᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ       ᠪᠢᠶᠠᠨ ᠬᠤᠩ ᠮᠧᠶ   ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ        ᠯᠢᠦ ᠵᠦᠩ   ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ        ᠸᠠᠩ ᡁᠢ ᠫᠢᠩ   ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ᠂ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶᠠᠨ ᠤ ᠳᠠᠷᠤᠭ᠎ᠠ        ᠯᠢᠦᠶ ᠳ᠋ᠠᠨ   ᠴᠡᠭᠡᠯ ᠠᠭᠤᠯᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ        ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠤ ᠳᠣᠭᠢᠷᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠭᠤᠤᠯᠳᠠᠭᠤ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠵᠣᠬᠢᠴᠠᠭᠤᠯᠤᠨ ᠠᠬᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠬᠠᠶᠢᠷᠤᠪ ᠤᠨ ᠲᠣᠬᠤᠶ ᠲᠣᠭᠤᠷᠢᠭ ᠤᠨ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠴᠢᠬᠤᠯᠠ ᠶᠡᠭᠡ ᠵᠦᠢᠯᠡᠰ ᠢ ᠰᠤᠳᠤᠯᠵᠤ᠂ ᠬᠠᠷᠠᠯᠲᠠ ᠲᠣᠭᠲᠠᠭᠠᠬᠤ᠂ ᠲᠥᠷᠥᠯ ᠵᠦᠢᠯᠡᠰ ᠳᠣᠭᠢᠷᠠᠭᠤᠯᠬᠤ᠂ ᠪᠠᠯᠠ ᠮᠥᠩᠭᠦ ᠶᠢᠨ ᠣᠷᠣᠭᠤᠯᠤᠯᠲᠠ᠂ ᠵᠣᠬᠢᠶᠠᠨ ᠪᠠᠶᠢᠭᠤᠯᠤᠨ ᠳᠠᠶᠢᠴᠢᠯᠠᠬᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠰᠢᠶᠠᠨ ᠤ ᠬᠡᠪᠴᠢᠶᠡᠨ ᠤ ᠬᠤᠳᠠᠯᠳᠤᠭᠠᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃       ᠤᠳᠤᠷᠢᠳᠬᠤ ᠳᠤᠭᠤᠶᠢᠯᠠᠩ ᠤᠨ ᠬᠥᠮᠦᠰ ᠬᠡᠷᠪᠡ ᠬᠤᠪᠢᠷᠠᠯᠲᠠ ᠭᠠᠷᠪᠠᠯ᠂ ᠲᠤᠭᠤᠷᠢᠭ ᠤᠨ ᠤᠳᠤᠷᠢᠳᠤᠯᠭ᠎ᠠ ᠶᠢ ᠪᠤᠰᠤᠳ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠲᠣᠬᠢᠷᠠᠭᠤᠯᠵᠤ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠦᠭᠡᠢ᠃
政府公报内页(5).jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号