ᠰᠤᠷᠪᠤᠯᠵᠢᠯᠠᠭᠴᠢ ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠯᠢ ᠶᠢ ᠲᠤᠰᠬᠠᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/1/10
      ᠬᠠᠯᠠᠭᠤᠷᠠᠭᠰᠠᠨ ᠬᠥᠮᠦᠨ ᠤ ᠲᠤᠭ᠎ᠠ ᠶᠡᠬᠡᠪᠡᠷ ᠨᠡᠮᠡᠭᠳᠡᠬᠦ ᠶᠢ ᠳᠠᠭᠠᠯᠳᠤᠨ᠂ ᠮᠠᠨ ᠤ ᠬᠤᠲᠠ ᠶᠢᠨ ᠡᠯ᠎ᠡ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠪᠤᠷᠠᠨ ᠵᠠᠰᠠᠬᠤ ᠳᠠᠷᠤᠯᠲᠠ ᠶᠡᠬᠡᠪᠡᠷ ᠨᠡᠮᠡᠭᠳᠡᠪᠡ᠃ ᠰᠤᠷᠪᠤᠯᠵᠢᠯᠠᠭᠴᠢ ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠯᠢ ᠶᠢ ᠲᠤᠰᠬᠠᠢ ᠰᠤᠷᠪᠤᠯᠵᠢᠯᠠᠬᠤ ᠳᠤ ᠬᠡᠯᠡᠭᠰᠡᠨ ᠨᠢ᠂ ᠣᠳᠣᠬᠠᠨ ᠳᠤ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠴᠥᠮ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠬᠦᠩᠭᠡᠨ ᠡᠪᠡᠳᠴᠢᠲᠡᠨ ᠢ ᠬᠦᠯᠢᠶᠡᠨ ᠠᠪᠴᠤ ᠡᠮᠨᠡᠨ ᠵᠠᠰᠠᠵᠤ ᠪᠣᠯᠤᠨ᠎ᠠ ᠭᠡᠵᠠᠢ᠃      ᠬᠠᠶᠢᠷᠤᠪ ᠤᠨ ᠲᠣᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠯᠢ᠄ ᠣᠲᠣ 24 ᠴᠠᠭ ᠤᠨ ᠤᠷᠲᠤᠳᠬᠠᠨ ᠤᠶᠢᠯᠡᠴᠢᠯᠡᠬᠦ ᠶᠢ ᠪᠦᠷᠢᠨ ᠪᠥᠷᠬᠦᠭᠦᠯᠬᠦ ᠶᠢ ᠪᠡᠶᠡᠯᠡᠭᠦᠯᠵᠦ᠂ ᠸᠢᠷᠦ᠋ᠰ ᠢ ᠡᠰᠡᠷᠭᠦᠴᠡᠬᠦ ᠵᠢᠵᠢᠭ ᠮᠣᠯᠧᠺᠦ᠋ᠯ ᠤᠨ ᠡᠮ ᠤᠨ  ᠵᠤᠶᠢᠯ ᠵᠡᠷᠭᠡ ᠡᠮᠴᠢᠯᠡᠭᠡᠨ ᠤ ᠡᠬᠢ ᠪᠠᠶᠠᠯᠢᠭ ᠢ ᠴᠦ ᠤᠷᠢᠳᠠᠪᠠᠷ ᠨᠡᠶᠢᠭᠡᠮ ᠲᠣᠭᠤᠷᠢᠭ ᠲᠤ ᠳᠣᠭᠢᠷᠠᠭᠤᠯᠬᠤ ᠶᠢᠨ ᠲᠥᠯᠥᠭᠡ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠣᠨᠣᠰᠢᠯᠠᠨ ᠡᠮᠨᠡᠬᠦ  ᠤᠶᠢᠯᠡᠴᠢᠯᠡᠭᠡ ᠶᠢ ᠨᠠᠩ ᠰᠠᠶᠢᠲᠤᠷ ᠥᠷᠨᠢᠭᠦᠯᠬᠦ ᠶᠢᠨ ᠲᠥᠯᠥᠭᠡ᠂ ᠮᠠᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠠᠴᠠ ᠬᠡᠷ ᠪᠦᠯᠢ ᠶᠢᠨ ᠡᠮᠴᠢ ᠪᠠ ᠡᠮᠨᠡᠯᠭᠡ ᠳᠤ ᠰᠠᠭᠤᠭᠰᠠᠨ ᠡᠮᠴᠢ ᠳᠤ ᠬᠤᠷᠤᠭᠤ ᠰᠤᠳᠠᠯ ᠤᠨ ᠴᠢᠰᠤᠨ ᠤ ᠬᠦᠴᠢᠯᠲᠥ᠋ᠷᠥᠭᠴᠢ ᠶᠢᠨ ᠬᠠᠪᠴᠢᠭᠤᠷ ᠢ ᠳᠣᠭᠢᠷᠠᠭᠤᠯᠤᠭᠰᠠᠨ ᠪᠥᠭᠡᠳ ᠲᠤᠰᠬᠠᠶ ᠤᠶᠢᠯᠡᠴᠢᠯᠡᠭᠡᠨ ᠤ ᠥᠷᠲᠡᠭᠡ ᠳᠣᠭᠢᠷᠠᠭᠤᠯᠵᠤ᠂ ᠨᠡᠶᠢᠭᠡᠮ ᠲᠣᠭᠤᠷᠢᠭ ᠤᠨ ᠤᠶᠢᠯᠡᠴᠢᠯᠡᠭᠡᠨ ᠤ ᠥᠷᠲᠡᠭᠡ ᠨᠢ ᠡᠪᠡᠳᠴᠢᠲᠡᠨ ᠤ ᠪᠡᠶ᠎ᠡ ᠶᠢᠨ ᠪᠠᠶᠢᠳᠠᠯ ᠢ ᠦᠨᠳᠦᠰᠦᠯᠡᠨ ᠡᠮ ᠲᠠᠩ᠂ ᠰᠤᠪᠢᠯᠠᠯᠲᠠ ᠶᠢᠨ ᠦᠢᠯᠡᠴᠢᠯᠡᠭᠡ ᠬᠠᠩᠭᠠᠵᠤ᠂ ᠱᠠᠲᠤ ᠬᠤᠪᠢᠶᠠᠨ ᠣᠨᠣᠰᠢᠯᠠᠨ ᠡᠮᠨᠡᠬᠦ ᠰᠠᠭᠠᠳ ᠥᠬᠡᠶ ᠨᠡᠪᠲᠡᠷᠡᠬᠦ  ᠵᠠᠮ ᠢᠶᠠᠷ ᠳᠠᠮᠵᠢᠭᠤᠯᠤᠨ᠂ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠳᠤ ᠴᠠᠭ ᠲᠤᠬᠠᠶ ᠳᠤᠨᠢ ᠰᠢᠯᠵᠢᠭᠦᠯᠦᠨ ᠡᠮᠨᠡᠭᠦᠯᠵᠦ ᠪᠣᠯᠤᠨ᠎ᠠ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号