ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠸᠠ ᠶᠢ ᠲᠤᠰᠬᠠᠶᠢᠯᠠᠨ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/1/15
      ᠪᠠᠰᠠ ᠨᠢᠭᠡ ᠵᠢᠯ ᠤᠨ ︽ᠬᠤᠶᠠᠷ ᠬᠤᠷᠠᠯ ᠤᠨ ᠬᠤᠭᠤᠴᠠᠭ᠎ᠠ︾ ᠪᠣᠯᠬᠤ ᠳᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ 2023 ᠣᠨ ᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠨᠡᠭᠡᠭᠡᠵᠦ᠂ ᠰᠢᠨ᠎ᠡ ᠲᠥᠯᠥᠪᠯᠡᠭᠡ ᠨᠢ ᠲᠥᠯᠥᠭᠡᠯᠡᠭᠴᠢ ᠭᠡᠰᠢᠭᠦᠳ ᠲᠤ ᠰᠢᠨ᠎ᠡ ᠬᠠᠷᠠᠯᠲᠠ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠪᠠ ᠡᠷᠴᠢ ᠵᠣᠷᠢᠭ ᠢ ᠨᠢ ᠬᠥᠪᠴᠢᠯᠡᠭᠰᠡᠨ ᠪᠠᠶᠢᠨ᠎ᠠ᠃ ᠤᠷᠮ᠎ᠠ ᠵᠣᠷᠢᠭ ᠢ ᠬᠥᠪᠴᠢᠯᠡᠭᠰᠡᠨ ︽ᠬᠤᠶᠠᠷ ᠬᠤᠷᠠᠯ ᠤᠨ ᠰᠠᠶᠢᠨ ᠳᠠᠭᠤ︾᠎ ᠶᠢ ᠪᠢᠳᠡ ᠰᠣᠨᠣᠰᠴᠠᠭᠠᠶ᠎ᠠ᠃      ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠦᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠡᠯᠡᠬᠦ ᠳᠡᠭᠡᠨ᠄ ︽2023 ᠣᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠰᠢᠨ᠎ᠡ ᠡᠨᠧᠷᠭᠢ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ ᠶᠢᠨ ᠬᠤᠲᠠ ᠶᠢ ᠪᠥᠲᠥᠭᠡᠨ ᠪᠠᠶᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 300 ᠳ᠋ᠦᠩᠰᠢᠭᠤᠷ ᠲᠥᠭᠦᠷᠢᠭ ᠢ ᠳᠠᠪᠠᠭᠰᠠᠨ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠤᠶᠢᠯᠡᠤᠡᠬᠦ ᠲᠥᠷᠥᠯ ᠵᠤᠶᠢᠯ ᠢ ᠨᠠᠶᠢᠳᠠᠪᠤᠷᠢᠵᠢᠭᠤᠯᠵᠤ᠂ ᠣᠯᠠᠨ ᠲᠠᠯᠠᠰᠲᠤ ᠴᠠᠬᠢᠭᠤᠷ᠂ ᠲᠠᠩ ᠲᠠᠯᠠᠰᠲᠤ ᠴᠠᠬᠢᠭᠤᠷ᠂ ᠬᠡᠷᠴᠢᠮᠡᠯ ᠢᠯᠲᠠᠰᠤ᠂ ᠳ᠋ᠢᠶᠠᠨ ᡂᠢ᠂ ᠬᠡᠷᠡᠯ ᠴᠡᠨᠡᠭ ᠤᠨ ᠰᠢᠯ᠂ ᠲᠣᠨᠣᠭᠯᠠᠯ᠂ ᠰᠥᠷᠭᠡᠦ ᠬᠤᠪᠢᠷᠠᠭᠠᠭᠤᠷ᠂ ᠬᠡᠷᠡᠯ ᠴᠡᠨᠡᠭ ᠤᠨ ᠲᠣᠨᠣᠭᠯᠠᠯ ᠤᠨ ᠪᠥᠬᠦ ᠠᠵᠤ ᠤᠶᠢᠯᠡᠰ ᠤᠨ ᠬᠡᠯᠬᠢᠶ᠎ᠡ ᠶᠢ ᠬᠠᠮᠤᠷᠪᠠ᠃ ᠬᠤᠲᠠ ᠶᠢᠨ ᠲᠣᠭᠤᠷᠢᠭ ᠲᠤ ᠤᠯᠤᠰ ᠤᠨ ᠪᠦᠬᠦᠯᠢ ᠱᠤᠭᠤᠮ ᠤᠨ ᠬᠡᠷ ᠤᠨ ᠣᠷᠣᠶ ᠶᠢᠨ ᠬᠡᠷᠡᠯ ᠴᠡᠨᠡᠭ ᠤᠨ ᠲᠤᠷᠰᠢᠯᠲᠠ ᠶᠢᠨ ᠴᠡᠭ ᠢ ᠪᠥᠲᠥᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠲᠤ 50 ᠲᠦᠮᠡᠨ ᠺᠢᠯᠣᠸᠠᠲ ᠤᠨ ᠠᠵᠤ ᠦᠢᠯᠡᠳᠪᠦᠷᠢ ᠶᠢᠨ ᠪᠣᠬᠢᠷᠲᠤᠯ ᠥᠬᠡᠶ ᠴᠠᠬᠢᠯᠭᠠᠨ ᠢ ᠣᠷᠣᠯᠠᠭᠤᠯᠬᠤ ᠵᠢᠱᠢᠶ᠎ᠡ ᠦᠵᠡᠭᠦᠯᠬᠦ ᠶᠢ ᠪᠥᠲᠥᠭᠡᠨ ᠪᠠᠶᠢᠭᠤᠯᠵᠤ᠂ ᠠᠭᠤᠷᠬᠠᠶ ᠶᠢᠨ ᠣᠷᠣᠨ ᠳᠤ ᠴᠠᠬᠢᠯᠭᠠᠨ ᠬᠥᠳᠡᠯᠭᠡᠭᠦᠷᠲᠦ ᠬᠦᠨᠳᠦ ᠠᠴᠢᠶᠠᠨ ᠤ ᠮᠠᠰᠢᠨ ᠲᠡᠷᠭᠡᠨ ᠤ ᠺᠠᠷᠲ ᠢᠶᠠᠷ ᠣᠷᠣᠯᠠᠭᠤᠯᠬᠤ ᠶᠢ ᠶᠡᠬᠡᠪᠡᠷ ᠬᠡᠷᠡᠭᠵᠢᠭᠦᠯᠵᠦ᠂ ᠲᠠᠷᠢᠶᠠᠯᠠᠬᠤ ᠣᠷᠣᠨ ᠳᠤ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ᠂ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ᠂ ᠶᠠᠭ ᠰᠠᠶᠢᠬᠠᠨ ᠪᠣᠬᠢᠷᠲᠤᠯ ᠦᠭᠡᠢ ᠬᠥᠭᠵᠢᠯᠲᠡ ᠶᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ ᠭᠡᠵᠦ ᠬᠡᠯᠡᠪᠡ᠃︾
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号