ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠠᠵᠤ ᠠᠬᠤᠶᠢᠯᠠᠯ ᠢ ᠤᠷᠢᠵᠤ ᠠᠵᠢᠯᠲᠠᠨ ᠡᠯᠰᠡᠬᠦ ᠬᠤᠷᠠᠯ ᠳᠤ ᠣᠷᠣᠯᠴᠠᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/1/19
ᠡᠯ᠎ᠡ ᠠᠵᠤ ᠠᠬᠤᠶᠢᠯᠠᠯ᠄    ᠮᠠᠨ ᠤ ᠲᠥᠪ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠰᠢᠢᠳᠪᠦᠷᠢᠯᠡᠬᠦ ᠶᠢᠨ ᠬᠠᠮᠲᠤ᠂ ᠮᠠᠨ ᠤ ᠲᠤᠭᠤᠷᠢᠭ ᠤᠨ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠳᠤ ᠬᠦᠴᠦᠨ ᠨᠡᠮᠡᠷᠢᠯᠡᠬᠦ ᠶᠢᠨ ᠬᠠᠮᠲᠤ᠂ ᠬᠠᠶᠢᠷᠤᠪ ᠤᠨ ᠲᠣᠬᠤᠶ ᠲᠣᠭᠤᠷᠢᠭ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠥᠪ 2 ᠰᠠᠷ᠎ᠠ ᠶᠢᠨ 11᠎ ᠤ ᠡᠳᠦᠷ ︵ᠭᠠᠷᠠᠭ ᠤᠨ ᠵᠢᠷᠭᠤᠭ᠎ᠠ︶ ᠠᠵᠢᠯᠲᠠᠨ ᠡᠯᠰᠡᠬᠦ ᠬᠤᠷᠠᠯ ᠡᠷᠭᠢᠯᠡᠪᠡ᠃ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠠᠵᠤ ᠠᠬᠤᠶᠢᠯᠠᠯ ᠤᠨ ᠨᠡᠷ᠎ᠡ ᠮᠡᠳᠡᠭᠦᠯᠬᠦ ᠴᠠᠭ    2023 ᠤᠨ ᠤ 1 ᠰᠠᠷ᠎ᠠ ᠶᠢᠨ 18᠎ ᠤ ᠡᠳᠤᠷ — 2023 ᠤᠨ ᠤ 1 ᠰᠠᠷ᠎ᠠ ᠶᠢᠨ 31᠎ ᠤ ᠡᠳᠤᠷ    ᠬᠤᠶᠠᠷ᠂ ᠨᠡᠷ᠎ᠡ ᠮᠡᠳᠡᠭᠦᠯᠬᠦ ᠠᠷᠭ᠎ᠠ ᠮᠠᠶ᠋ᠢᠭ     1. ︽ᠬᠠᠶᠢᠷᠤᠪ ᠤᠨ ᠲᠤᠬᠤᠢ ᠲᠤᠭᠤᠷᠢᠭ ᠤᠨ ᠠᠵᠢᠯᠲᠠᠨ ᠡᠯᠰᠡᠬᠦ ᠤᠶᠢᠯᠡᠴᠢᠯᠡᠭᠡᠨ ᠤ ᠴᠤᠭᠯᠠᠭᠠᠨ︾᠎ ᠳᠤ ᠨᠡᠷ᠎ᠡ ᠮᠡᠳᠡᠭᠦᠯᠵᠦ ᠪᠣᠯᠤᠨ᠎ᠠ᠃     2᠂ 3890100᠎ ᠶᠢᠨ ᠤᠲᠠᠰᠤ ᠪᠠᠷ ᠨᠡᠷ᠎ᠡ ᠮᠡᠳᠡᠭᠦᠯᠵᠦ ᠳᠠᠩᠰᠠᠯᠠᠭᠤᠯᠵᠤ ᠪᠣᠯᠤᠨ᠎ᠠ᠃     3᠂ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠦᠨ᠎ᠡ᠃ ︵ᠨᠡᠷ᠎ᠡ ᠮᠡᠳᠡᠭᠦᠯᠦᠭᠰᠡᠨ ᠬᠠᠶ᠋ᠢᠭ᠄ ᠬᠠᠶᠢᠷᠤᠪ ᠤᠨ ᠲᠣᠬᠤᠢ ᠲᠣᠭᠤᠷᠢᠭ ᠤᠨ ᠬᠤᠶᠠᠷ ᠢ ᠬᠦᠷᠢᠶᠡᠯᠡᠬᠦ ᠵᠡᠭᠡᠯᠢ ᠶᠢᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠥᠪ ᠤᠨ 2 ᠳ᠋ᠤᠭᠠᠷ ᠳᠠᠪᠬᠤᠷᠯᠢᠭ ᠤᠨ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠤᠶᠢᠯᠡᠴᠢᠯᠡᠭᠡᠨ ᠤ ᠲᠥᠪ ᠤᠨ 22 ᠳ᠋ᠤᠭᠠᠷ ᠲᠣᠭᠠᠲᠤ ᠴᠣᠩᠬᠤ︶    ᠭᠤᠷᠪᠠ᠂ ᠡᠷᠬᠢᠯᠡᠭᠰᠡᠨ ᠴᠠᠭ᠂ ᠭᠠᠵᠠᠷ     ᠴᠠᠭ᠄ 2023 ᠣᠨ ᠤ 2 ᠰᠠᠷ᠎ᠠ ᠶᠢᠨ 11᠎ ᠤ ᠦᠳᠡ ᠶᠢᠨ ᠡᠮᠦᠨ᠎ᠡ᠃    ᠭᠠᠵᠠᠷ ᠣᠷᠣᠨ᠄ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠣᠯᠠᠨ ᠨᠡᠶᠢᠲᠡ ᠶᠢᠨ ᠳ᠋ᠤᠭᠠᠷ ᠲᠤ ᠠᠩᠬᠠᠷᠤᠯ ᠢᠶᠠᠨ ᠲᠠᠯᠪᠢ᠃    ᠳᠥᠷᠪᠡ᠂ ᠬᠠᠮᠢᠶ᠎ᠠ ᠪᠥᠬᠦᠶ ᠱᠠᠭᠠᠷᠳᠠᠯᠭ᠎ᠠ    1᠂ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠨᠢᠭᠡᠴᠡ ᠨᠡᠷ᠎ᠡ ᠮᠡᠳᠡᠭᠦᠯᠦᠭᠰᠡᠨ ᠬᠤᠭᠤᠴᠠᠭᠠᠨ ᠳᠣᠲᠣᠷ᠎ᠠ ᠨᠡᠷ᠎ᠡ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃    2᠂ ᠠᠵᠤ ᠠᠬᠤᠶᠢᠯᠠᠯ ᠳᠤ ᠣᠷᠣᠯᠴᠠᠬᠤ ᠳᠤ ᠥᠪᠡᠷ ᠢᠶᠠᠨ ᠠᠪᠴᠤ ᠳᠡᠯᠭᠡᠨ ᠦᠵᠡᠭᠦᠯᠬᠦ ᠵᠠᠷ ᠮᠡᠳᠡᠭᠡ ᠵᠢᠴᠢ ᠬᠤᠯᠪᠣᠭᠳᠠᠬᠤ ᠠᠵᠢᠯᠲᠠᠨ ᠤᠷᠢᠬᠤ ᠳᠤ ᠬᠡᠷᠡᠭᠰᠡᠬᠦ ᠮᠠᠲ᠋ᠧᠷᠢᠶᠠᠯ ᠪᠠᠶᠢᠬᠤ ᠬᠡᠷᠡᠭᠲᠡᠶ᠃    3. ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠪᠣᠯᠤᠨ᠎ᠠ᠂ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠶᠢ ᠠᠪᠴᠤ ᠶᠠᠪᠤᠭᠰᠠᠨ ᠤ ᠬᠠᠮᠲᠤ ᠶᠠᠪᠤᠭᠳᠠᠭᠤᠯᠵᠤ ᠪᠣᠯᠤᠨ᠎ᠠ᠂ ᠠᠵᠤ ᠠᠬᠤᠶᠢᠯᠠᠯ ᠨᠢ ᠥᠪᠡᠰᠦᠪᠡᠨ ᠠᠵᠢᠯᠲᠠᠨ ᠡᠯᠰᠡᠬᠦ ᠠᠷᠭ᠎ᠠ ᠮᠠᠶ᠋ᠢᠭ ᠢ ᠰᠣᠩᠭᠤᠭᠰᠠᠨ ᠪᠥᠭᠡᠳ ᠨᠡᠷ᠎ᠡ ᠮᠡᠳᠡᠭᠦᠯᠬᠦ ᠦᠶ᠎ᠡ ᠳᠤ ᠮᠡᠳᠡᠭᠡ ᠵᠠᠩᠭᠢ ᠪᠠᠨ ᠪᠦᠷᠢᠨ ᠪᠦᠲᠦᠨ ᠲᠡᠮᠳᠡᠭᠯᠡᠵᠦ᠂ ᠰᠢᠭᠤᠳ ᠨᠡᠪᠲᠡᠷᠡᠭᠦᠯᠭᠡ ᠳᠤ ᠣᠷᠣᠯᠴᠠᠵᠤ ᠪᠠᠶᠢᠭ᠎ᠠ ᠠᠵᠤ ᠠᠬᠤᠶᠢᠯᠠᠯ ᠨᠢ ᠰᠢᠭᠤᠳ ᠨᠡᠪᠲᠡᠷᠡᠭᠦᠯᠭᠡ ᠶᠢᠨ ᠮᠠᠲ᠋ᠧᠷᠢᠶᠠᠯ ᠢ ᠥᠪᠡᠰᠦᠪᠡᠨ ᠪᠡᠯᠡᠳᠬᠡᠵᠦ ᠪᠣᠯᠤᠨ᠎ᠠ᠃    4᠂ ᠨᠢᠭᠡᠨᠲᠡ ᠨᠡᠷ᠎ᠡ ᠮᠡᠳᠡᠭᠦᠯᠦᠭᠰᠡᠨ ᠠᠵᠤ ᠠᠬᠤᠶᠢᠯᠠᠯ ᠴᠠᠭ ᠲᠤᠬᠠᠶ ᠳᠤᠨᠢ ᠣᠷᠣᠯᠴᠠᠵᠤ ᠳᠡᠶᠢᠯᠬᠦ ᠦᠭᠡᠶ ᠪᠣᠯ 3 ᠡᠳᠦᠷ ᠤᠷᠢᠳᠴᠢᠯᠠᠨ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠮᠡᠳᠡᠭᠳᠡᠭᠡᠷᠡᠶ᠃    ᠠᠰᠠᠭᠤᠨ ᠯᠠᠪᠯᠠᠬᠤ ᠤᠲᠠᠰᠤ᠄ 3890100       ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ                                              2023 ᠤᠨ ᠤ 1 ᠰᠠᠷ᠎ᠠ ᠶᠢᠨ 18᠎ ᠤ ᠡᠳᠤᠷ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号