ᠦᠬᠠᠢ ᠬᠤᠲᠠ ᠶᠢᠨ ᠬᠠᠶᠢᠷᠤᠪ ᠤᠨ ᠲᠤᠬᠤᠢ ᠲᠣᠭᠤᠷᠢᠭ ᠤᠨ 2022 ᠣᠨ ᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠠᠯᠪᠠᠨ ᠵᠠᠷ
ᠨᠡᠶᠢᠲᠡᠯᠡᠭᠰᠡᠨ ᠴᠠᠭ᠄
2023/1/30
      ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ 2022 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠤᠷᠢᠬᠤ ᠨᠢᠭᠤᠷᠲᠠᠨ ᠰᠢᠯᠭᠠᠬᠤ ᠠᠵᠢᠯ ᠨᠢᠭᠡᠨᠲᠡ ᠳᠠᠭᠤᠰᠴᠤ᠂ ᠨᠢᠭᠤᠷᠲᠠᠨ ᠰᠢᠯᠭᠠᠭᠰᠠᠨ ᠬᠢᠷᠢ ᠪᠦᠲᠦᠮᠵᠢ ᠵᠢᠴᠢ ᠶᠡᠷᠦᠩᠬᠡᠢ ᠬᠢᠷᠢ ᠪᠦᠲᠦᠮᠵᠢ ᠶᠢ ᠨᠢᠭᠡᠨᠲᠡ ᠢᠯᠡ ᠨᠡᠶᠢᠲᠡᠯᠡᠵᠦ᠂ ᠬᠠᠮᠤᠭ ᠡᠴᠦᠰ ᠲᠤ ᠪᠡᠶ᠎ᠡ ᠶᠢᠨ ᠪᠠᠶᠢᠴᠠᠭᠠᠯᠲᠠ ᠶᠢᠨ ᠬᠡᠪᠴᠢᠶᠡᠨ ᠳᠤ ᠤᠷᠤᠭᠰᠠᠨ ᠬᠥᠮᠦᠰ ᠤᠨ ᠨᠡᠷᠡᠰ ᠢ ᠳᠠᠭᠠᠯᠳᠤᠭᠤᠯᠤᠯ 1᠎ ᠳᠤ ᠨᠠᠷᠢᠨ ᠦᠵᠡ᠃ ᠤᠳᠤ ᠪᠡᠶ᠎ᠡ ᠶᠢᠨ ᠪᠠᠶᠢᠴᠠᠭᠠᠯᠲᠠ ᠶᠢᠨ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠪᠡᠶ᠎ᠡ ᠶᠢᠨ ᠪᠠᠶᠢᠴᠠᠭᠠᠯᠲᠠ ᠶᠢᠨ ᠴᠠᠭ    2023 ᠣᠨ ᠤ 2 ᠰᠠᠷ᠎ᠠ ᠶᠢᠨ 1᠎ ᠤ ᠡᠳᠦᠷ᠂ ᠥᠷᠯᠥᠭᠡ ᠶᠢᠨ 8᠄ 00᠎ ᠠᠴᠠ ᠡᠬᠢᠯᠡᠨ᠎ᠡ᠃    ᠬᠤᠶᠠᠷ᠂ ᠪᠡᠶ᠎ᠡ ᠶᠢᠨ ᠪᠠᠶᠢᠴᠠᠭᠠᠯᠲᠠ ᠶᠢᠨ ᠭᠠᠵᠠᠷ    ᠦᠬᠠᠢ ᠬᠤᠲᠠ ᠶᠢᠨ ᠬᠠᠢᠷ ᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠪᠡᠶ᠎ᠡ ᠶᠢᠨ ᠪᠠᠢᠴᠠᠭᠠᠯᠲᠠ ᠶᠢᠨ ᠲᠥᠪ ︵ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠤᠨ ᠸᠠᠨ ᠳᠠ ᠠᠭᠤᠳᠠᠮ ᠲᠠᠯᠠᠪᠠᠢ ᠶᠢᠨ ᠵᠡᠭᠦᠨ᠂ ᠴᠢᠩ ᠴᠢᠤᠸᠠᠨ ᠵᠡᠭᠡᠯᠢ ᠶᠢᠨ 11 ᠳ᠋ᠦ᠋ᠭᠡᠷ ᠨᠣᠮᠧᠷᠲᠦ︶    ᠭᠤᠷᠪᠠ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ    ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ᠶᠢ ︽ᠠᠯᠪᠠᠲᠠᠨ ᠤ ᠨᠡᠶᠢᠳᠡᠮ ᠬᠡᠷᠡᠭᠯᠡᠭᠡᠨ ᠤ ᠪᠡᠶ᠎ᠡ ᠶᠢᠨ ᠪᠠᠶᠢᠴᠠᠭᠠᠯᠲᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾᠎ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ 450 ᠲᠥᠭᠦᠷᠢᠭ ᠪᠠᠶᠢᠵᠤ᠂ ᠲᠤᠰ ᠬᠥᠮᠦᠨ ᠨᠢ ᠥᠪᠡᠷᠲᠡᠭᠡᠨ ᠬᠠᠮᠢᠶᠠᠷᠤᠨ᠎ᠠ᠃ ᠳᠠᠬᠢᠨ ᠪᠠᠶᠢᠴᠠᠭᠠᠬᠤ ᠵᠠᠷᠤᠳᠠᠯ ᠢ ᠠᠰ ᠲᠤᠨᠢ ᠲᠣᠭᠲᠠᠭᠠᠨ᠎ᠠ᠃     ᠳᠥᠷᠪᠡ᠂ ᠪᠡᠶ᠎ᠡ ᠶᠢᠨ ᠪᠠᠶᠢᠴᠠᠭᠠᠯᠲᠠ ᠶᠢᠨ ᠱᠠᠭᠠᠷᠳᠠᠯᠭ᠎ᠠ    ᠪᠡᠶ᠎ᠡ ᠶᠢᠨ ᠪᠠᠶᠢᠴᠠᠭᠠᠯᠲᠠ ᠶᠢᠨ ᠠᠵᠢᠯᠲᠠᠨ ᠲᠣᠭᠲᠠᠭᠰᠠᠨ ᠴᠠᠭ ᠤᠨ ᠳᠣᠲᠣᠷ᠎ᠠ ᠪᠡᠶ᠎ᠡ ᠶᠢᠨ ᠪᠠᠶᠢᠴᠠᠭᠠᠯᠲᠠ ᠬᠢᠵᠦ᠂ ᠪᠡᠶ᠎ᠡ ᠶᠢᠨ ᠪᠠᠶᠢᠴᠠᠭᠠᠯᠲᠠ ᠠᠴᠠ ᠡᠮᠦᠨ᠎ᠡ ︽ᠪᠡᠶ᠎ᠡ ᠶᠢᠨ ᠪᠠᠶᠢᠴᠠᠭᠠᠯᠲᠠ ᠳᠤ ᠡᠷᠬᠡᠪᠰᠢ ᠡᠵᠡᠮᠰᠢᠬᠦ︾ ︵ᠳᠠᠭᠠᠯᠳᠤᠭᠤᠯᠤᠯ 2︶᠎ ᠶᠢ ᠨᠠᠷᠢᠨ ᠨᠢᠮᠪᠠᠶ ᠤᠩᠰᠢᠵᠤ᠂ ᠪᠡᠶ᠎ᠡ ᠶᠢᠨ ᠪᠠᠶᠢᠴᠠᠭᠠᠯᠲᠠ ᠬᠢᠬᠦ ᠳᠡᠭᠡᠨ ᠲᠣᠰ ᠬᠥᠮᠦᠨ ᠤ ᠪᠡᠶ᠎ᠡ ᠶᠢᠨ ᠦᠨᠡᠮᠯᠡᠯ᠂ ᠣᠶᠢᠷ᠎ᠠ ᠶᠢᠨ ᠬᠤᠭᠤᠴᠠᠭᠠᠨ ᠳᠤ ᠬᠤᠶᠠᠷ ᠢᠮᠠᠬᠤ ᠶᠢᠨ ᠲᠢᠲᠢᠮ ᠬᠢᠯᠭᠡᠭᠰᠡᠨ ᠬᠡᠷᠡᠯ ᠵᠢᠷᠤᠭ ᠢ ᠠᠪᠴᠤ ᠨᠢᠭᠡ ᠬᠠᠭᠤᠳᠠᠰᠤ ᠬᠠᠷ᠎ᠠ ᠥᠩᠭᠡ ᠪᠠᠷ ᠭᠠᠷ ᠤᠨ ᠥᠰᠥᠭ ᠵᠢᠷᠤᠭᠤᠯᠤᠨ᠎ᠠ᠃    ᠲᠣᠭᠲᠠᠭᠠᠯ ᠶᠣᠰᠣᠭᠠᠷ ᠪᠡᠶ᠎ᠡ ᠶᠢᠨ ᠪᠠᠶᠢᠴᠠᠭᠠᠯᠲᠠ ᠳᠤ ᠣᠷᠣᠯᠴᠠᠭᠰᠠᠨ ᠦᠭᠡᠢ᠂ ᠪᠡᠶ᠎ᠡ ᠶᠢᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ᠂ ᠰᠠᠶᠢᠨ ᠳᠤᠷ᠎ᠠ ᠠᠴᠠ ᠪᠠᠨ ᠪᠡᠶ᠎ᠡ ᠶᠢᠨ ᠪᠠᠶᠢᠴᠠᠭᠠᠯᠲᠠ ᠪᠠᠨ ᠬᠠᠶᠠᠭᠰᠠᠨ ᠪᠤᠶᠤ ᠪᠡᠶ᠎ᠡ ᠶᠢᠨ ᠪᠠᠶᠢᠴᠠᠭᠠᠯᠲᠠ ᠶᠢᠨ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ᠂ ᠦᠨᠡᠨ ᠪᠣᠳᠠᠲᠠᠶ ᠪᠠᠶᠢᠳᠠᠯ ᠢ ᠵᠣᠷᠢᠭᠤᠳᠠ ᠨᠢᠭᠤᠨ ᠳᠠᠯᠳᠠᠯᠠᠭᠰᠠᠨ ᠠᠴᠠ ᠪᠣᠯᠵᠤ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠡᠨ ᠪᠣᠳᠠᠲᠠᠶ ᠪᠠᠷ ᠠᠯᠳᠠᠭᠰᠠᠨ᠂ ᠰᠢᠨᠵᠢᠯᠡᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ ᠪᠣᠯᠬᠤ ᠦᠭᠡᠢ᠂ ᠤᠷᠢᠵᠤ ᠬᠡᠷᠡᠭᠯᠡᠬᠦ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠬᠡᠷᠡᠭᠲᠡᠶ᠃ ᠪᠡᠶ᠎ᠡ ᠶᠢᠨ ᠪᠠᠶᠢᠴᠠᠭᠠᠯᠲᠠ ᠶᠢᠨ ᠬᠦᠷᠢᠶ᠎ᠡ ᠬᠡᠪᠴᠢᠶᠡᠨ ᠳᠤ ᠣᠷᠣᠭᠠᠳ ᠤᠷᠢᠭᠳᠠᠭᠰᠠᠨ ᠬᠥᠮᠦᠰ ᠴᠢᠮᠡᠭᠡ ᠬᠤᠯᠪᠣᠭᠠᠨ ᠤ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠴᠠᠭ ᠲᠤᠬᠠᠶ ᠳᠤᠨᠢ ᠬᠠᠷᠢᠯᠴᠠᠬᠤ ᠳᠤ ᠲᠥᠬᠦᠮ ᠦᠵᠡᠭᠦᠯᠦᠭᠡᠷᠡᠢ᠃    ᠬᠠᠷᠢᠯᠴᠠᠬᠤ ᠤᠲᠠᠰᠤ᠄ 0473  — 2059589    ᠬᠢᠨᠠᠯᠲᠠ ᠲᠠᠯᠪᠢᠬᠤ ᠤᠲᠠᠰᠤ᠄ 0473  — 2059707
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号