ᠵᠠᠰᠠᠭ ᠤᠨ ᠣᠷᠳᠣᠨ ᠤ ᠠᠯᠪᠠᠨ ᠮᠡᠳᠡᠭᠡ 2022 ᠣᠨ ᠤ 6 ᠳ᠋ᠤᠭᠠᠷ ᠬᠤᠭᠤᠴᠠᠭ᠎ᠠ ︵ᠶᠡᠷᠣᠩᠬᠡᠢ 10 ᠳ᠋ᠣᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2023/1/8
2022年第6期.jpg
︽ᠬᠠᠶᠢᠷᠤᠪ ᠤᠨ ᠲᠣᠬᠤᠢ ᠲᠣᠭᠤᠷᠢᠭ ᠤᠨ ᠭᠡᠷ ᠤᠨ ᠣᠷᠣᠶ ᠶᠢᠨ ᠲᠠᠷᠬᠠᠯᠲᠠ ᠮᠠᠶ᠋ᠢᠭ ᠤᠨ ᠭᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯᠡᠯ᠎ᠡ ᠬᠠᠮᠢᠶ᠎ᠠ ᠪᠥᠬᠦᠶ ᠨᠢᠭᠡᠴᠡ᠄      ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠬᠠᠶᠢᠷᠤᠪ ᠤᠨ ᠲᠣᠬᠤᠢ ᠲᠣᠭᠤᠷᠢᠭ ᠤᠨ ᠪᠦᠬᠦ ᠲᠤᠭᠤᠷᠢᠭ ᠤᠨ ᠭᠡᠷ ᠤᠨ ᠣᠷᠣᠶ ᠶᠢᠨ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ︾᠎ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠲᠤᠭᠠᠶ᠃                             2022 ᠣᠨ ᠤ 12 ᠰᠠᠷ᠎ᠠ ᠶᠢᠨ 16᠎ ᠤ ᠡᠳᠦᠷᠬᠠᠶᠢᠷᠤᠪ ᠤᠨ ᠲᠣᠬᠤᠢ ᠲᠣᠭᠤᠷᠢᠭ ᠤᠨ ᠪᠦᠬᠦᠯᠢ ᠲᠣᠭᠤᠷᠢᠭ ᠢᠶᠠᠷ ᠭᠡᠷ ᠤᠨ ᠣᠷᠣᠶ ᠶᠢᠨ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠬᠡᠷᠡᠭᠵᠢᠭᠦᠯᠬᠦ ᠲᠥᠰᠦᠯ    ᠬᠠᠶᠢᠷᠤᠪ ᠤᠨ ᠲᠤᠬᠤᠢ ᠲᠣᠭᠤᠷᠢᠭ ᠤᠨ ᠪᠦᠬᠦ ᠲᠣᠭᠤᠷᠢᠭ ᠤᠨ ᠭᠡᠷ ᠤᠨ ᠣᠷᠣᠢ ᠳᠡᠭᠡᠷᠡᠬᠢ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠤᠨ ᠲᠦᠷᠦᠯ ᠵᠦᠢᠯ ᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠤ ᠭᠡᠷ ᠤᠨ ᠣᠷᠣᠢ ᠳᠡᠭᠡᠷᠡᠬᠢ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠤᠨ ᠵᠢᠱᠢᠶ᠎ᠡ ᠦᠵᠡᠭᠦᠯᠬᠦ ᠲᠦᠷᠦᠯ ᠵᠦᠢᠯ ᠢ ᠪᠠᠶᠢᠭᠤᠯᠵᠤ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠤᠷ ᠲᠦᠪᠰᠢᠨ ᠥᠨᠳᠥᠷ ᠪᠦᠲᠦᠮᠵᠢᠲᠡᠢ ᠤᠳᠤ ᠦᠶ᠎ᠡ ᠶᠢᠨ ᠡᠨᠧᠷᠭᠢ ᠶᠢᠨ ᠰᠢᠰᠲ᠋ᠧᠮ ᠢ ᠪᠠᠶᠢᠭᠤᠯᠵᠤ᠂ ᠦᠬᠠᠢ ᠬᠤᠳᠠ ᠶᠢᠨ ︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ ᠲᠤᠭᠤᠷᠢᠭ ᠤᠨ ᠵᠠᠰᠠᠭ ᠤᠨ ᠣᠷᠳᠣᠨ ᠰᠤᠳᠤᠯᠤᠨ ᠲᠣᠭᠲᠠᠭᠠᠬᠤ ᠪᠠᠷ ᠳᠡᠮᠵᠢᠨ᠂ ᠬᠠᠶᠢᠷᠤᠪ ᠤᠨ ᠲᠣᠬᠤᠶ ᠲᠣᠭᠤᠷᠢᠭ ᠤᠨ ᠪᠥᠬᠦ ᠲᠤᠭᠤᠷᠢᠭ ᠤᠨ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ ᠬᠤᠯᠪᠣᠭᠳᠠᠯ ᠪᠦᠬᠦᠢ ᠪᠠᠶᠢᠳᠠᠯ ᠨᠢ ᠳᠣᠣᠷᠠᠬᠢ ᠮᠡᠲᠦ᠄      ᠨᠢᠭᠡ᠂ ᠵᠢᠯᠣᠭᠤᠳᠬᠤ ᠦᠵᠡᠯ ᠰᠠᠨᠠᠭ᠎ᠠ   ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾᠎ ᠶᠢᠨ ᠡᠨᠧᠷᠭᠢ ᠶᠢᠨ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠪᠠ ︽2030 ᠣᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠤᠷᠬᠢᠯ ᠬᠡᠮᠵᠢᠭᠳᠡᠯ ᠳᠤ ᠬᠦᠷᠭᠡᠬᠦ᠂ 2060 ᠣᠨ ᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠪᠠᠷ ᠵᠢᠯᠣᠭᠤᠳᠣᠯᠭ᠎ᠠ ᠪᠣᠯᠭᠠᠵᠤ᠂ ᠪᠥᠬᠦ ᠣᠷᠣᠨ ᠤ ᠲᠠᠷᠬᠠᠯᠲᠠ ᠶᠢᠨ ᠬᠡᠯᠪᠡᠷᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠤᠯᠤᠰ ᠤᠨ ᠴᠡᠪᠡᠷ ᠡᠨᠧᠷᠭᠢ ᠶᠢᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠬᠤ ᠪᠠ ᠵᠠᠰᠠᠭ ᠤᠨ ᠣᠷᠳᠣᠨ ᠬᠥᠲᠥᠯᠦᠨ ᠵᠢᠯᠣᠭᠤᠳᠬᠤ ᠶᠢ ᠪᠠᠷᠢᠮᠲᠠᠯᠠᠨ᠂ ᠨᠢᠭᠡᠳᠦᠯᠲᠡᠶ ᠲᠥᠯᠥᠪᠵᠢᠭᠦᠯᠬᠦ ᠪᠠ ᠲᠤᠭ᠎ᠠ ᠪᠠᠷᠢᠮᠲᠠ ᠪᠠᠷ ᠡᠨᠧᠷᠭᠢ ᠣᠯᠭᠤᠬᠤ ᠶᠢ ᠴᠢᠩᠭᠠᠳᠬᠠᠵᠤ᠂ ᠪᠥᠬᠦ ᠲᠤᠭᠤᠷᠢᠭ ᠤᠨ ᠲᠤᠷᠰᠢᠯᠲᠠ ᠶᠢᠨ ᠴᠡᠭ ᠢᠶᠠᠷ ᠳᠠᠶᠢᠴᠢᠯᠠᠬᠤ ᠶᠢ ᠴᠢᠩᠭᠠᠳᠬᠠᠵᠤ᠂ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠪᠥᠬᠦ ᠣᠷᠣᠨ ᠢ ᠠᠬᠢᠭᠤᠯᠬᠤ ᠠᠵᠢᠯ ᠢ ᠵᠠᠬ᠎ᠠ ᠳᠡᠯᠭᠡᠭᠦᠷᠴᠢᠯᠡᠭᠰᠡᠨ ᠬᠡᠮᠵᠢᠶ᠎ᠡ ᠪᠠᠷ ᠥᠨᠳᠥᠷ᠂ ᠲᠦᠭᠡᠮᠡᠯᠵᠢᠭᠦᠯᠬᠦ ᠬᠡᠪᠴᠢᠶ᠎ᠡ ᠥᠷᠭᠡᠨ᠂ ᠴᠢᠨᠠᠷ ᠰᠠᠶᠢᠲᠠᠶ ᠬᠥᠭᠵᠢᠯᠲᠡ ᠶᠢᠨ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠤᠨ ᠢᠨᠵᠧᠨᠧᠷᠢᠩ ᠪᠣᠯᠭᠠᠬᠤ ᠪᠠᠷ ᠴᠢᠷᠮᠠᠶᠢᠨ᠎ᠠ᠃      ᠬᠤᠶᠠᠷ᠂ ᠪᠦᠲᠦᠭᠡᠨ ᠪᠠᠶᠢᠭᠤᠯᠤᠯᠲᠠ ᠶᠢᠨ ᠬᠠᠷᠠᠯᠲᠠ    2023 ᠣᠨ ᠤ 6 ᠰᠠᠷ᠎ᠠ ᠶᠢᠨ ᠰᠡᠭᠦᠯᠴᠢ ᠪᠣᠯᠬᠤ ᠳᠤ᠂ ᠠᠰᠢᠭᠯᠠᠵᠤ ᠪᠣᠯᠬᠤ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠪᠥᠲᠥᠭᠡᠨ ᠪᠠᠶᠢᠭᠤᠯᠤᠯᠲᠠ ᠶᠢᠨ ᠬᠡᠷ ᠤᠨ ᠣᠷᠣᠶ ᠶᠢᠨ ᠲᠠᠯᠠᠪᠠᠶ ᠶᠢ 241.45 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 108.1 ᠰᠠᠶ᠎ᠠ ᠸᠠᠲ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ᠡᠭᠦᠨ ᠳᠤ ᠨᠠᠮ ᠵᠠᠰᠠᠭ ᠤᠨ ᠪᠠᠶᠢᠭᠤᠯᠭ᠎ᠠ ᠪᠠ ᠣᠯᠠᠨ ᠨᠡᠶᠢᠲᠡ ᠶᠢᠨ ᠪᠠᠷᠢᠯᠭ᠎ᠠ ᠶᠢᠨ ᠭᠡᠷ ᠤᠨ ᠤᠷᠤᠢ ᠶᠢᠨ ᠲᠠᠯᠠᠪᠠᠢ 21.51 ᠲᠦᠮᠡᠨ ᠲᠡᠭᠰᠢ ᠳᠥᠷᠪᠡᠯᠵᠢᠨ ᠮᠧᠲᠷ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠪᠠᠷᠤᠭ 7.5 ᠰᠠᠶ᠎ᠠ ᠸᠠᠲ︔ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠦᠢᠯᠡᠳᠪᠦᠷᠢ ᠶᠢᠨ ᠭᠡᠷ ᠤᠨ ᠤᠷᠤᠢ ᠶᠢᠨ ᠲᠠᠯᠠᠪᠠᠢ ᠪᠠᠷᠤᠭ 99.94 ᠲᠦᠮᠡᠨ ᠲᠡᠭᠰᠢ ᠳᠥᠷᠪᠡᠯᠵᠢᠨ ᠮᠧᠲᠷ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 43.5 ᠰᠠᠶ᠎ᠠ ᠸᠠᠲ︔ ᠰᠠᠭᠤᠭᠠᠯᠢ ᠠᠷᠠᠳ ᠤᠨ ᠭᠡᠷ ᠤᠨ ᠤᠷᠤᠢ ᠶᠢᠨ ᠲᠠᠯᠠᠪᠠᠢ 120 ᠲᠦᠮᠡᠨ ᠲᠡᠭᠰᠢ ᠳᠥᠷᠪᠡᠯᠵᠢᠨ ᠮᠧᠲᠷ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠪᠠᠷᠤᠭ 57.1 ᠰᠠᠶ᠎ᠠ ᠸᠠᠲ ᠲᠤ ᠬᠦᠷᠪᠡ᠃ ᠬᠡᠷ ᠤᠨ ᠣᠷᠣᠶ ᠶᠢᠨ ᠡᠬᠢ ᠪᠠᠶᠠᠯᠢᠭ ᠢ ᠦᠨᠳᠦᠰᠦᠯᠡᠨ᠂ ᠲᠤᠷᠰᠢᠯᠲᠠ ᠶᠢᠨ ᠴᠡᠭ ᠤᠨ ᠣᠷᠣᠨ ᠤ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ ᠶᠢ ᠤᠯᠤᠰ ᠤᠨ ᠲᠤᠷᠰᠢᠯᠲᠠ ᠶᠢᠨ ᠴᠡᠭ ᠤᠨ ᠱᠠᠭᠠᠷᠳᠠᠯᠭ᠎ᠠ ᠳᠤ ᠬᠦᠷᠦᠭᠦᠯᠦᠨ᠎ᠡ᠃      ᠭᠤᠷᠪᠠ᠂ ᠦᠨᠳᠦᠰᠦᠨ ᠵᠠᠷᠴᠢᠮ    ︵ᠨᠢᠭᠡ ︶ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠵᠤ᠂ ᠪᠦᠬᠦ ᠲᠠᠯ᠎ᠠ ᠪᠠᠷ ᠪᠦᠷᠬᠦᠬᠦ ᠬᠡᠷᠡᠭᠲᠡᠢ᠃ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠡᠶᠢᠭᠡᠮ ᠤᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠪᠦᠲᠦᠮᠵᠢᠲᠡᠶ ᠵᠣᠯᠭᠠᠭᠤᠯᠵᠤ᠂ ᠠᠮᠤᠷ ᠲᠦᠪᠰᠢᠨ᠂ ᠭᠤᠶᠣ ᠰᠠᠶᠢᠬᠠᠨ᠂ ᠨᠠᠶᠢᠳᠠᠪᠤᠷᠢᠲᠠᠶ ᠱᠠᠭᠠᠷᠳᠠᠯᠭ᠎ᠠ ᠶᠢ ᠪᠠᠷᠢᠮᠲᠠᠯᠠᠨ᠂ ᠡᠯ᠎ᠡ ᠲᠥᠷᠥᠯ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠲᠥᠷᠥᠯ ᠬᠤᠪᠢᠶᠠᠨ ᠠᠬᠢᠭᠤᠯᠵᠤ᠂ ᠡᠮᠬᠢ ᠵᠢᠷᠤᠮ ᠥᠬᠡᠶ ᠪᠠᠷ ᠬᠥᠭᠵᠢᠭᠦᠯᠬᠦ ᠠᠴᠠ ᠵᠠᠶᠢᠯᠠᠰᠬᠢᠨ᠎ᠡ᠃ ᠡᠭᠦᠨ ᠤ ᠬᠠᠮᠲᠤ᠂ ᠥᠷᠭᠡᠨ ᠢᠶᠠᠷ ᠲᠠᠶᠢᠴᠢᠯᠠᠵᠦ᠂ ᠭᠡᠷ ᠤᠨ ᠣᠷᠣᠢ ᠶᠢᠨ ᠲᠠᠷᠬᠠᠯᠲᠠ ᠶᠢᠨ ᠮᠠᠶ᠋ᠢᠭ ᠤᠨ ᠭᠡᠷᠡᠯ ᠴᠡᠨᠡᠭ ᠢ ᠨᠡᠭᠡᠭᠡᠨ ᠬᠥᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠬᠦᠴᠦᠲᠡᠢ ᠠᠬᠢᠭᠤᠯᠪᠠ᠃ ᠪᠦᠲᠦᠭᠡᠨ ᠪᠠᠶᠢᠭᠤᠯᠵᠤ ᠤᠭᠰᠠᠷᠠᠬᠤ ᠨᠥᠬᠦᠴᠡᠯ ᠳᠤ ᠨᠡᠶᠢᠴᠡᠬᠦ ᠨᠠᠮ ᠵᠠᠰᠠᠭ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ︵ᠡᠭᠴᠡ ᠬᠠᠮᠢᠶᠠᠷᠤᠯᠲᠠ ᠶᠢᠨ ᠨᠢᠭᠡᠴᠢ ᠶᠢ ᠪᠠᠭᠲᠠᠭᠠᠨ᠎ᠠ︶ ᠪᠦᠬᠦᠨ︶ ᠦᠢᠯᠡᠳᠪᠦᠷᠢ ᠬᠤᠳᠠᠯᠳᠤᠭᠠᠨ ᠤ ᠠᠵᠤ ᠠᠬᠤᠢ ᠶᠢᠨ ᠨᠢᠭᠡᠴᠡ᠂ ᠬᠤᠲᠠ ᠬᠥᠳᠡᠭᠡ ᠶᠢᠨ ᠣᠷᠣᠰᠢᠨ ᠰᠠᠭᠤᠭᠴᠢᠳ ᠤᠨ ᠭᠡᠷ ᠤᠨ ᠣᠷᠣᠢ ᠶᠢ ᠪᠠᠷᠢᠵᠤ ᠳᠠᠭᠤᠰᠬᠠᠨ ᠪᠠᠶᠢᠭᠤᠯᠬᠤ ᠳᠤ ᠲᠣᠬᠢᠷᠠᠵᠤ᠃ ᠵᠠᠰᠠᠭ ᠤᠨ ᠣᠷᠳᠣᠨ ᠪᠡᠯᠡ ᠣᠷᠣᠭᠤᠯᠥᠠᠠᠰᠠᠨ ᠦᠭᠡᠢ ᠪᠡᠷᠢᠯᠭ᠎ᠠ ᠶᠢᠨ ᠭᠡᠷ ᠤᠨ ᠣᠷᠣᠢ᠂ ᠰᠠᠭᠤᠭᠠᠯᠢ ᠠᠷᠡᠳ ᠤᠨ ᠭᠡᠷ ᠤᠨ ᠣᠷᠣᠢ ᠳᠤ᠂ ᠵᠠᠰᠠᠭ ᠤᠨ ᠣᠷᠳᠣᠨ ᠤ ᠰᠢᠯᠢᠳᠡᠭ ᠢ ᠨᠢ ᠰᠣᠩᠭᠤᠵᠦ ᠪᠦᠬᠦᠢ ᠪᠡᠯᠡ ᠣᠷᠣᠭᠤᠯᠥᠨ ᠨᠡᠭᠡᠭᠡᠨ ᠬᠦᠭᠵᠢᠬᠦᠯᠬᠦ ᠭᠤᠤᠯ ᠴᠣᠠᠠᠴᠠ ᠳᠤ ᠨᠡᠶᠢᠳᠡᠨ ᠳᠥᠪᠯᠡᠷᠡᠬᠦᠯᠥᠨ ᠨᠡᠭᠡᠭᠡᠨ ᠬᠦᠭᠵᠢᠬᠦᠯᠬᠦ᠂ ᠬᠤᠷᠡᠮᠳᠣᠭᠤᠯᠥᠨ ᠬᠦᠷᠭᠡᠵᠦ ᠦᠭᠬᠦ ᠶᠢ ᠵᠣᠷᠢᠠᠠᠵᠢᠭᠤᠯᠥᠨ᠎ᠠ᠃    ︵ᠬᠤᠶᠠᠷ︶ ᠵᠠᠬ᠎ᠠ ᠳᠡᠯᠭᠡᠭᠦᠷ ᠤᠨ ᠠᠵᠢᠯᠯᠠᠭ᠎ᠠ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠨ᠎ᠡ᠃ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠵᠤ᠂ ᠦᠪᠡᠷ ᠢᠶᠠᠨ ᠪᠠᠶᠢᠭᠤᠯᠤᠨ ᠦᠪᠡᠷ ᠢᠶᠠᠨ ᠬᠡᠷᠡᠭᠯᠡᠬᠦ ︵EPC᠎ ᠶᠢᠨ ᠶᠡᠷᠦᠩᠬᠡᠢ ᠳᠠᠭᠠᠭᠠᠴᠢᠯᠠᠯᠲᠠ︶︶ ᠵᠥᠪᠳᠡᠯᠴᠡᠬᠡᠷ ᠢᠶᠠᠷ ᠲᠦᠷᠢᠶᠡᠰᠦᠯᠡᠭᠦᠯᠬᠦ᠂ ᠭᠡᠷᠡᠲᠦ ᠡᠨᠧᠷᠭᠢ ᠶᠢᠨ ᠬᠡᠯᠡᠯᠴᠡᠭᠡᠷ ᠤᠨ ᠬᠠᠮᠢᠶᠠᠷᠤᠯᠲᠠ ᠵᠡᠷᠭᠡ ᠠᠷᠭ᠎ᠠ ᠮᠠᠶ᠋ᠢᠭ ᠢᠶᠠᠷ ᠰᠤᠯᠠ ᠪᠠᠶᠢᠭ᠎ᠠ ᠬᠡᠷ ᠤᠨ ᠣᠷᠣᠶ ᠶᠢᠨ ᠡᠬᠢ ᠪᠠᠶᠠᠯᠢᠭ ᠢ ᠠᠮᠢᠯᠠᠭᠤᠯᠵᠤ᠂ ᠡᠵᠡᠩᠨᠡᠵᠦ ᠬᠠᠮᠠᠭᠠᠯᠠᠬᠤ ᠵᠠᠭᠪᠤᠷ᠂ ᠬᠤᠳᠠᠯᠳᠤᠭᠠᠨ ᠤ ᠠᠰᠢᠭ ᠣᠯᠵᠠᠪᠤᠷᠢ ᠶᠢᠨ ᠵᠠᠭᠪᠤᠷ᠂ ᠠᠰᠢᠭ ᠣᠯᠵᠠᠪᠤᠷᠢ ᠶᠢᠨ ᠬᠤᠪᠢᠶᠠᠷᠢᠯᠠᠯᠲᠠ ᠶᠢᠨ ᠵᠠᠭᠪᠤᠷ ᠢ ᠢᠳᠡᠪᠬᠢᠲᠡᠶ ᠪᠠᠷ ᠰᠢᠨ᠎ᠡ ᠪᠠᠷ ᠡᠭᠦᠳᠴᠦ᠂ ᠪᠠᠯᠠ ᠣᠷᠣᠭᠤᠯᠤᠯᠲᠠ ᠶᠢᠨ ᠡᠲᠡᠭᠡᠳ᠂ ᠥᠮᠴᠢᠯᠡᠯ ᠤᠨ ᠡᠷᠬᠡᠲᠦ ᠬᠥᠮᠦᠨ ᠤ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠴᠢᠷᠮᠠᠶᠢᠨ ᠪᠡᠶᠡᠯᠡᠭᠦᠯᠦᠨ᠎ᠡ᠃    ︵ᠭᠤᠷᠪᠠ︶ ᠡᠯ᠎ᠡ ᠲᠠᠯ᠎ᠠ ᠶᠢᠨ ᠬᠢᠨ ᠬᠠᠮᠵᠢᠯᠴᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠨᠢᠭᠡᠴᠡ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠤᠡᠭᠡᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠤᠡᠭᠡᠨ᠎ᠡ᠂ ᠬᠡᠷ ᠤᠨ ᠣᠷᠣᠶ ᠶᠢᠨ ᠡᠬᠢ ᠪᠠᠶᠠᠯᠢᠭ ᠢ ᠵᠣᠬᠢᠴᠠᠭᠤᠯᠬᠤ᠂ ᠰᠠᠭᠤᠷᠢ ᠪᠡᠯᠡᠳᠬᠡᠮᠵᠢ ᠶᠢ ᠲᠠᠰ ᠳᠡᠪᠰᠢᠭᠦᠯᠬᠦ᠂ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠵᠡᠷᠭᠡ ᠲᠠᠯ᠎ᠠ ᠪᠠᠷ᠂ ᠬᠡᠷ ᠤᠨ ᠣᠷᠣᠶ ᠶᠢᠨ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠢ ᠨᠡᠭᠡᠭᠡᠨ ᠬᠥᠭᠵᠢᠭᠦᠯᠬᠦ ᠳᠤ ᠰᠠᠶᠢᠨ ᠰᠠᠶᠢᠬᠠᠨ ᠨᠥᠬᠦᠴᠡᠯ ᠪᠠ ᠣᠷᠴᠢᠨ ᠲᠣᠭᠤᠷᠢᠨ ᠢ ᠡᠭᠦᠳᠴᠦ᠂ ᠠᠵᠢᠯ ᠤᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃    ︵ᠲᠦᠷᠪᠡ︶ ᠬᠠᠮᠢᠶᠠᠷᠤᠯᠲᠠ ᠪᠠᠨ ᠵᠢᠷᠤᠮᠵᠢᠭᠤᠯᠵᠤ᠂ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ᠂ ᠲᠣᠤᠷ ᠲᠤ ᠨᠡᠶᠢᠯᠡᠭᠦᠯᠬᠦ᠂ ᠠᠵᠢᠯᠯᠠᠭᠤᠯᠵᠤ ᠪᠠᠲᠤᠯᠠᠬᠤ ᠤᠯᠤᠰ ᠪᠠ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ ᠶᠢᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠲᠥᠷᠥᠯ  ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠵᠤ ᠡᠵᠡᠩᠨᠡᠬᠦ ᠨᠢᠭᠡᠴᠢ ᠪᠣᠯᠤᠨ ᠬᠠᠷᠢᠶ᠎ᠠ ᠭᠠᠵᠠᠷ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠨ ᠨᠠᠶᠢᠳᠠᠪᠤᠷᠢᠵᠢᠭᠤᠯᠵᠤ᠂ ᠭᠡᠷᠡᠯ ᠴᠡᠨᠡᠭ ᠤᠨ ᠴᠠᠬᠢᠯᠭᠠᠨ ᠦᠷᠳᠡᠭᠡ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃     ᠳᠥᠷᠪᠡ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠤᠬᠠᠭᠤᠯᠭ᠎ᠠ ᠶᠢ ᠡᠬᠢᠯᠡᠭᠦᠯᠬᠦ ᠱᠠᠲᠤ ᠦᠶ᠎ᠡ ︵2022 ᠣᠨ ᠤ 12 ᠰᠠᠷ᠎ᠠ ᠶᠢᠨ 16᠎ ᠤ ᠡᠳᠦᠷ ᠠᠴᠠ ᠡᠮᠦᠨ᠎ᠡ︶ ᠬᠠᠶᠢᠷᠤᠪ ᠤᠨ ᠲᠣᠬᠤᠢ ᠲᠣᠭᠤᠷᠢᠭ ᠤᠨ ᠪᠦᠬᠦᠯᠢ ᠲᠣᠭᠤᠷᠢᠭ ᠢᠶᠠᠷ ᠭᠡᠷ ᠤᠨ ᠣᠷᠣᠢ ᠶᠢᠨ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠤᠨ ᠨᠡᠭᠡᠭᠡᠨ ᠬᠥᠭᠵᠢᠭᠦᠯᠦᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠦᠬᠦᠯᠢ ᠲᠣᠭᠤᠷᠢᠭ ᠢᠶᠠᠷ ᠭᠡᠷ ᠤᠨ ᠣᠷᠣᠢ ᠶᠢᠨ ᠲᠠᠷᠬᠠᠯᠲᠠ ᠶᠢᠨ ᠬᠡᠯᠪᠡᠷᠢ ᠶᠢᠨ ᠭᠡᠷᠡᠯ ᠴᠡᠨᠡᠭ ᠤᠨ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ ᠢ ᠲᠣᠭᠲᠠᠭᠠᠨ᠎ᠠ︔ ᠠᠩᠬ᠎ᠠ ᠠᠯᠬᠤᠮ ᠤᠨ ᠲᠥᠰᠦᠯ᠂ ᠬᠠᠮᠲᠤᠷᠠᠯᠴᠠᠭᠠᠨ ᠤ ᠠᠷᠭ᠎ᠠ ᠬᠡᠯᠪᠡᠷᠢ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠠᠰᠠᠭᠤᠳᠠᠯ ᠢ ᠰᠤᠳᠤᠯᠪᠠ᠃ ᠤᠬᠠᠭᠤᠯᠬᠤ ᠲᠥᠰᠦᠯ ᠢ ᠲᠤᠭᠤᠷᠪᠢᠨ ᠲᠣᠭᠲᠠᠭᠠᠵᠤ᠂ ᠡᠭᠦᠷᠭᠡ ᠶᠢ ᠵᠠᠳᠠᠯᠵᠤ᠂ ᠰᠢᠶᠠᠩ ᠪᠠᠯᠭᠠᠰᠤ᠂ ᠵᠡᠭᠡᠯᠢ ᠭᠤᠳᠤᠮᠵᠢ ᠲᠣᠰ ᠲᠣᠰ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠵᠤ᠂ ᠥᠷᠭᠡᠨ ᠢᠶᠠᠷ ᠤᠬᠠᠭᠤᠯᠵᠤ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠣᠯᠠᠨ ᠲᠦᠮᠡᠨ᠂ ᠠᠵᠤ ᠠᠬᠤᠶᠢᠯᠠᠯ ᠢ ᠬᠠᠪᠰᠤᠷᠤᠨ ᠲᠠᠩᠰᠠ ᠶᠢ ᠰᠠᠶᠢᠲᠤᠷ ᠪᠤᠳᠤᠵᠤ᠂ ᠥᠷᠭᠡᠨ ᠢᠶᠠᠷ ᠳᠡᠮᠵᠢᠬᠦ ᠪᠠᠷ ᠴᠢᠷᠮᠠᠶᠢᠨ᠎ᠠ᠃    ︵ᠬᠤᠶᠠᠷ ︶ ᠭᠡᠷ ᠤᠨ ᠣᠷᠣᠢ ᠶᠢ ᠬᠢᠨᠠᠨ ᠬᠠᠷᠭᠤᠭᠤᠯᠬᠤ ᠱᠠᠲᠤ ᠦᠶ᠎ᠡ ︵2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶ ᠡᠯ᠎ᠡ ᠬᠠᠷᠢᠭᠤᠴᠠᠯᠭᠠᠲᠤ ᠨᠢᠭᠡᠴᠡ ᠪᠣᠯᠤᠨ ᠪᠠᠯᠭᠠᠰᠤ᠂ ᠵᠡᠭᠡᠯᠢ ᠭᠤᠳᠤᠮᠵᠢ ᠶᠢᠨ ᠵᠣᠬᠢᠶᠠᠨ ᠪᠠᠶᠢᠭᠤᠯᠤᠯᠲᠠ ᠶᠢᠨ ᠭᠡᠷ ᠤᠨ ᠣᠷᠣᠶ ᠶᠢᠨ ᠡᠬᠢ ᠪᠠᠶᠠᠯᠢᠭ ᠢ ᠬᠢᠨᠠᠨ ᠬᠠᠷᠭᠤᠭᠤᠯᠬᠤ ᠬᠡᠷᠡᠭᠲᠡᠶ᠃ ᠪᠦᠬᠦ ᠲᠤᠭᠤᠷᠢᠭ ᠤᠨ ᠭᠡᠷ ᠪᠠᠶᠢᠰᠢᠩ ᠤᠨ ᠡᠬᠢ ᠪᠠᠶᠠᠯᠢᠭ ᠢ ᠨᠢᠭᠡ ᠪᠠᠯᠭᠠᠰᠤ ᠵᠢᠷᠭᠤᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠢᠴᠢ ᠡᠯ᠎ᠡ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠬᠤᠪᠢᠶᠠᠵᠤ᠂ ᠨᠡᠶᠢᠭᠡᠮ ᠲᠣᠭᠤᠷᠢᠭ ︵ᠲᠣᠰᠬᠤᠨ︶᠂ ᠠᠵᠢᠯ ᠲᠥᠷᠥᠯ ᠢᠶᠠᠷ ᠦᠨᠳᠦᠰᠦᠨ ᠨᠢᠭᠡᠴᠢ ᠪᠣᠯᠭᠠᠨ᠎ᠠ︶ ᠡᠯ᠎ᠡ ᠬᠡᠰᠡᠭ ᠲᠣᠭᠤᠷᠢᠭ ᠤᠨ ᠪᠣᠳᠠᠲᠠᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ᠂ ᠲᠣᠣᠷ ᠲᠤ ᠣᠷᠣᠭᠤᠯᠬᠤ ᠨᠥᠬᠦᠴᠡᠯ ᠢ ᠵᠢᠭᠰᠠᠭᠠᠨ ᠪᠠᠶᠢᠴᠠᠭᠠᠬᠤ ᠶᠢᠨ ᠬᠠᠮᠲᠤ ᠡᠬᠢ ᠪᠠᠶᠠᠯᠢᠭ ᠤᠨ ᠭᠠᠷᠴᠠᠭ ᠢ ᠪᠣᠶ ᠪᠣᠯᠭᠠᠨ᠎ᠠ᠃ ᠢᠵᠢ ᠪᠦᠷᠢᠳᠦᠭᠦᠯᠬᠦ ᠴᠠᠬᠢᠯᠭᠠᠨ ᠤ ᠲᠣᠤᠷ ᠢ ᠳᠡᠰ ᠳᠡᠪᠰᠢᠭᠦᠯᠦᠨ ᠥᠭᠡᠷᠡᠴᠢᠯᠡᠬᠦ ᠠᠵᠢᠯ ᠢ ᠵᠡᠷᠭᠡᠪᠡᠷ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠳᠥᠭᠦᠮ ᠳᠥᠲᠡ᠂ ᠴᠠᠭ ᠲᠤᠬᠠᠶ ᠳᠤᠨᠢ᠂ ᠥᠨᠳᠥᠷ ᠦᠷ᠎ᠡ ᠪᠦᠲᠦᠮᠵᠢᠲᠡᠶ ᠲᠣᠤᠷ ᠵᠠᠯᠭᠠᠬᠤ ᠦᠢᠯᠡᠴᠢᠯᠡᠭᠡ ᠬᠠᠩᠭᠠᠵᠤ᠂ ︽ᠪᠠᠶᠢᠭᠤᠯᠬᠤ ᠳᠤ ᠲᠣᠬᠢᠷᠠᠬᠤ ᠪᠦᠬᠦᠨ ᠢ ᠪᠠᠶᠢᠭᠤᠯᠵᠤ᠂ ᠵᠣᠯᠭᠠᠭᠤᠯᠬᠤ ᠶᠣᠰᠣᠲᠠᠶ ᠶᠢ ᠨᠢ ᠪᠦᠬᠦᠨ ᠢ ᠵᠣᠯᠭᠠᠭᠤᠯᠬᠤ︾᠎ ᠶᠢ ᠪᠡᠶᠡᠯᠡᠭᠦᠯᠦᠨ᠎ᠡ᠃    ︵ᠭᠤᠷᠪᠠ ︶ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠱᠠᠲᠤ ᠦᠶ᠎ᠡ ︵2023 ᠣᠨ ᠤ 1 ᠰᠠᠷ᠎ᠠ ᠶᠢᠨ ᠰᠡᠭᠦᠯᠴᠢ ᠠᠴᠠ ᠡᠮᠦᠨ᠎ᠡ︶ ᠡᠬᠢ ᠪᠠᠶᠠᠯᠢᠭ ᠤᠨ ᠭᠠᠷᠴᠠᠭ ᠢ ᠦᠨᠳᠦᠰᠦᠯᠡᠬᠦ ᠶᠢᠨ ᠬᠠᠮᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠭᠠᠨ ᠬᠥᠮᠦᠵᠢᠯ ᠤᠨ ᠰᠢᠰᠲ᠋ᠧᠮ ᠢ ᠠᠩᠬᠠᠨ ᠤ ᠪᠦᠯᠦᠭ ᠲᠤᠷᠰᠢᠯᠲᠠ ᠶᠢᠨ ᠠᠵᠢᠯ ᠲᠥᠷᠥᠯ᠂ ᠸᠠᠩ ᠶᠤᠸᠠᠨ ᠳ᠋ᠢ ᠲᠣᠰᠬᠤᠨ ᠢ ᠠᠩᠬᠠᠳᠠᠭᠴᠢ ᠪᠦᠯᠦᠭ ᠲᠤᠷᠰᠢᠯᠲᠠ ᠶᠢᠨ ᠴᠢᠭ ᠤᠨ ᠰᠠᠭᠤᠭᠠᠯᠢ ᠠᠷᠠᠳ ᠤᠨ ᠲᠣᠭᠤᠷᠢᠭ ᠲᠤ ᠵᠢᠭᠰᠠᠭᠠᠨ ᠣᠷᠣᠭᠤᠯᠤᠨ᠎ᠠ᠃ ᠲᠤᠷᠰᠢᠯᠲᠠ ᠶᠢᠨ ᠴᠡᠭ ᠤᠨ ᠲᠥᠷᠥᠯ ᠵᠤᠶᠢᠯ ᠨᠢ ᠠᠳᠠᠯᠢ ᠪᠤᠰᠤ ᠪᠠᠷᠢᠯᠭ᠎ᠠ ᠪᠠ ᠦᠵᠡᠭᠳᠡᠯ ᠳᠤ ᠴᠢᠭᠯᠡᠭᠦᠯᠦᠨ᠂ ᠥᠪᠡᠷᠮᠢᠴᠡ ᠴᠢᠨᠠᠷᠲᠠᠶ ᠵᠢᠷᠤᠭ ᠲᠥᠯᠥᠪᠯᠡᠭᠡ ᠪᠠ ᠪᠠᠶᠢᠭᠤᠯᠤᠯᠲᠠ ᠬᠢᠬᠦ ᠶᠢᠨ ᠬᠠᠮᠲᠤ ᠬᠤᠲᠠ ᠬᠥᠳᠡᠭᠡ ᠶᠢᠨ ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠬᠡᠷ ᠤᠨ ᠣᠷᠣᠶ ᠶᠢᠨ ᠲᠠᠷᠬᠠᠯᠲᠠ ᠬᠡᠯᠪᠡᠷᠢ ᠶᠢᠨ ᠬᠡᠷᠡᠯ ᠴᠡᠨᠡᠭ ᠤᠨ ᠲᠥᠷᠥᠯ  ᠵᠤᠶᠢᠯ ᠬᠢᠭᠡᠳ ᠡᠷᠬᠢᠨ ᠲᠣᠭᠤᠷᠢᠨ ᠤ ᠪᠠᠷᠢᠯᠭ᠎ᠠ ᠪᠠ ᠣᠷᠴᠢᠨ ᠲᠣᠭᠤᠷᠢᠨ ᠤ ᠵᠣᠬᠢᠴᠠᠩᠭᠤᠶ ᠨᠢᠭᠡᠳᠦᠯᠲᠡᠶ ᠪᠠᠶᠢᠬᠤ ᠶᠢ ᠪᠠᠲᠤᠯᠠᠵᠤ᠂ ᠬᠡᠷᠡᠯ ᠴᠡᠨᠡᠭ ᠤᠨ ᠵᠢᠱᠢᠶ᠎ᠡ ᠦᠵᠡᠭᠦᠯᠬᠦ ᠲᠥᠷᠥᠯ ᠵᠤᠶᠢᠯ ᠢ ᠪᠣᠶ ᠪᠣᠯᠭᠠᠵᠤ᠂ ᠪᠥᠬᠦ  ᠲᠤᠭᠤᠷᠢᠭ ᠤᠨ  ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ  ᠵᠤᠶᠢᠯ ᠳᠤ ᠰᠠᠶᠢᠨ ᠰᠠᠶᠢᠬᠠᠨ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ  ᠤᠶᠢᠯᠡᠳᠤᠯ ᠦᠵᠡᠭᠦᠯᠬᠦ ᠬᠡᠷᠡᠭᠲᠡᠶ᠃    ︵ᠳᠥᠷᠪᠡ︶ ᠪᠥᠬᠦ ᠲᠠᠯ᠎ᠠ ᠪᠠᠷ ᠳᠡᠯᠭᠡᠷᠡᠭᠦᠯᠬᠦ ᠱᠠᠲᠤ ᠦᠶ᠎ᠡ ︵2023 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ︶ ᠲᠤᠷᠰᠢᠯᠲᠠ ᠶᠢᠨ ᠴᠡᠭ ᠤᠨ ᠲᠤᠷᠰᠢᠯᠭ᠎ᠠ ᠶᠢ ᠳ᠋ᠦᠩᠨᠡᠵᠦ᠂ ᠡᠷᠴᠢᠮᠵᠢᠭᠦᠯᠦᠭᠰᠡᠨ ᠨᠡᠭᠡᠭᠡᠨ ᠬᠥᠭᠵᠢᠭᠦᠯᠬᠦ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠰᠡᠳᠬᠢᠮᠵᠢ ᠶᠢ ᠬᠡᠷᠡᠭᠯᠡᠨ᠂ ᠲᠥᠷᠥᠯ ᠵᠦᠢᠯ ᠤᠨ ᠡᠬᠢ ᠪᠠᠶᠠᠯᠢᠭ ᠲᠠᠢ ᠤᠶᠠᠯᠳᠤᠭᠤᠯᠤᠨ ᠪᠥᠬᠦ ᠲᠠᠯ᠎ᠠ ᠪᠠᠷ ᠠᠬᠢᠭᠤᠯᠬᠤ ᠠᠵᠢᠯ ᠢ ᠥᠷᠨᠢᠭᠦᠯᠵᠦ᠂ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠴᠤ ᠪᠠᠶᠢᠭᠠᠳ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠳᠤ ᠨᠡᠶᠢᠴᠡᠬᠦ᠂ ᠤᠭᠰᠠᠷᠠᠬᠤ ᠪᠠ ᠵᠠᠯᠭᠠᠨ ᠣᠷᠣᠭᠤᠯᠬᠤ ᠨᠥᠬᠦᠴᠡᠯ ᠳᠤ ᠨᠡᠶᠢᠴᠡᠬᠦ ᠬᠡᠷ ᠤᠨ ᠣᠷᠣᠶ ᠶᠢᠨ ᠡᠬᠢ ᠪᠠᠶᠠᠯᠢᠭ ᠢ ᠥᠪᠡᠰᠦᠪᠡᠨ ᠪᠠᠶᠢᠭᠤᠯᠬᠤ᠂ ᠲᠦᠷᠢᠶᠡᠰᠦᠯᠡᠬᠦ᠂ ᠭᠡᠷ᠎ᠡ ᠶᠢᠨ ᠡᠨᠧᠷᠭᠢ ᠶᠢᠨ ᠬᠠᠮᠢᠶᠠᠷᠤᠯᠲᠠ ᠵᠡᠷᠭᠡ ᠣᠯᠠᠨ ᠵᠦᠢᠯ ᠤᠨ ᠬᠡᠯᠪᠡᠷᠢ ᠪᠠᠷ ᠬᠠᠮᠢᠶ᠎ᠠ ᠪᠥᠬᠦᠶ ᠬᠡᠯᠡᠯᠴᠡᠭᠡᠷ ᠲᠣᠭᠲᠠᠬᠤ ᠶᠢ ᠪᠡᠶᠡᠯᠡᠭᠦᠯᠵᠦ᠂ ᠪᠥᠬᠦ ᠲᠤᠭᠤᠷᠢᠭ ᠤᠨ ᠬᠡᠪᠴᠢᠶᠡᠨ ᠳᠤ ᠳᠡᠯᠭᠡᠷᠡᠭᠦᠯᠦᠨ ᠬᠡᠷᠡᠭᠵᠢᠭᠦᠯᠦᠨ᠎ᠡ᠃     ︵ᠲᠠᠪᠤ︶ ᠪᠠᠶᠢᠴᠠᠭᠠᠵᠤ ᠰᠢᠯᠭᠠᠨ ᠠᠪᠬᠤ ᠱᠠᠲᠤ ᠦᠶ᠎ᠡ ︵2023 ᠣᠨ ᠤ 6 ᠰᠠᠷ᠎ᠠ ᠶᠢᠨ ᠰᠡᠭᠦᠯᠴᠢ ᠠᠴᠠ ᠡᠮᠦᠨ᠎ᠡ︶    ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ᠂ ᠲᠣᠭᠤᠷᠢᠭ ᠤᠨ ᠡᠨᠧᠷᠭᠢ ᠶᠢᠨ ᠲᠣᠪᠴᠢᠶ᠎ᠠ ᠪᠠ ᠴᠠᠬᠢᠯᠭᠠᠨ ᠬᠠᠩᠭᠠᠬᠤ ᠺᠣᠮᠫᠠᠨᠢ ᠠᠴᠠ ᠬᠠᠮᠲᠤᠷᠠᠨ ᠰᠢᠮᠳᠠᠭᠤᠯᠤᠨ ᠪᠠᠶᠢᠴᠠᠭᠠᠵᠤ ᠰᠢᠯᠭᠠᠨ ᠠᠪᠬᠤ ᠳᠤᠭᠤᠶᠢᠯᠠᠩ ᠪᠠᠶᠢᠭᠤᠯᠵᠤ᠂ ᠤᠯᠤᠰ ᠤᠨ ᠡᠨᠧᠷᠭᠢ ᠶᠢᠨ ᠲᠣᠪᠴᠢᠶ᠎ᠠ ᠶᠢᠨ ᠱᠠᠭᠠᠷᠳᠠᠭᠰᠠᠨ ᠡᠯ᠎ᠡ ᠲᠥᠷᠥᠯ ᠤᠨ ᠬᠡᠷ ᠤᠨ ᠣᠷᠣᠶ ᠶᠢᠨ ᠤᠭᠰᠠᠷᠠᠬᠤ ᠬᠠᠷᠢᠴᠠᠯ᠂ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠭᠰᠠᠨ ᠪᠠᠶᠢᠳᠠᠯ ᠪᠠ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠵᠡᠷᠭᠡ ᠳᠤ ᠭᠤᠤᠯᠳᠠᠯᠭ᠎ᠠ ᠲᠠᠢ ᠬᠠᠷᠭᠤᠭᠤᠯᠤᠨ ᠪᠠᠶᠢᠴᠠᠭᠠᠯᠲᠠ ᠬᠢᠨ᠎ᠠ᠃     ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠤᠡᠬᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠬᠠᠮᠢᠶ᠎ᠠ ᠪᠥᠬᠦᠶ ᠬᠠᠷᠢᠭᠤᠴᠠᠯᠭᠠᠲᠠᠨ ᠢᠶᠠᠷ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠠᠯᠪᠠᠨ ᠬᠡᠷ᠂ ᠲᠣᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠬᠠᠶᠢᠷᠤᠪ ᠤᠨ ᠲᠣᠬᠤᠶ ᠲᠣᠭᠤᠷᠢᠭ ᠤᠨ ᠬᠡᠷ ᠤᠨ ᠣᠷᠣᠶ ᠶᠢᠨ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠢ ᠨᠡᠭᠡᠭᠡᠨ ᠬᠥᠭᠵᠢᠭᠦᠯᠬᠦ ᠲᠤᠷᠰᠢᠯᠲᠠ ᠶᠢᠨ ᠴᠡᠭ ᠤᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠮᠠᠨ ᠤ ᠲᠣᠭᠤᠷᠢᠭ ᠤᠨ ᠬᠡᠷ ᠤᠨ ᠣᠷᠣᠶ ᠶᠢᠨ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠠᠬᠢᠭᠤᠯᠬᠤ ᠶᠢ ᠬᠠᠷᠢᠭᠤᠴᠠᠭᠤᠯᠤᠨ᠎ᠠ︔ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠲᠣᠭᠤᠷᠢᠭ ᠤᠨ ᠡᠨᠧᠷᠭᠢ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠶᠡᠷᠦᠩᠬᠡᠶᠢᠯᠡᠨ ᠵᠣᠬᠢᠴᠠᠭᠤᠯᠬᠤ ᠵᠡᠷᠭᠡ ᠡᠳᠦᠷ ᠲᠤᠲᠤᠮ ᠤᠨ ᠠᠵᠢᠯ ᠢ ᠬᠠᠷᠢᠭᠤᠴᠠᠨ᠂ ᠠᠵᠢᠯ ᠤᠨ ᠵᠣᠬᠢᠴᠠᠭᠤᠯᠭ᠎ᠠ ᠲᠣᠬᠢᠷᠠᠭᠤᠯᠤᠯᠲᠠ ᠶᠢ ᠴᠢᠩᠭᠠᠳᠬᠠᠵᠤ᠂ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃    ︵ᠬᠤᠶᠠᠷ︶ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠥᠬᠦ ᠲᠣᠭᠤᠷᠢᠭ ᠤᠨ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠠᠵᠢᠯ ᠬᠢᠬᠦ ᠠᠵᠤ ᠠᠬᠤᠶᠢᠯᠠᠯ ᠤᠨ ᠪᠥᠲᠥᠭᠡᠨ ᠪᠠᠶᠢᠭᠤᠯᠵᠤ ᠤᠭᠰᠠᠷᠠᠬᠤ ᠠᠵᠢᠯ ᠳᠤ ᠰᠠᠶᠢᠲᠤᠷ ᠬᠠᠮᠵᠢᠯᠴᠠᠵᠤ᠂ ᠲᠦᠷᠢᠮ ᠲᠣᠭᠲᠠᠭᠠᠯ ᠰᠠᠬᠢᠯᠭ᠎ᠠ ᠪᠠᠲᠤ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠤᠷᠤᠭᠰᠢᠲᠠᠶ ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠬᠡᠷᠡᠭᠲᠡᠶ᠃    ︵ᠭᠤᠷᠪᠠ︶ ᠰᠢᠮᠳᠠᠭᠤᠯᠤᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠷᠠᠭᠤᠯᠬᠤ ᠬᠡᠷᠡᠭᠲᠡᠶ᠃ ᠪᠥᠬᠦ ᠲᠤᠭᠤᠷᠢᠭ ᠤᠨ ᠬᠡᠷ ᠤᠨ ᠣᠷᠣᠶ ᠶᠢᠨ ᠲᠠᠷᠬᠠᠯᠲᠠ ᠶᠢᠨ ᠬᠡᠯᠪᠡᠷᠢ ᠶᠢᠨ ᠬᠡᠷᠡᠯ ᠴᠡᠨᠡᠭ ᠤᠨ ᠨᠡᠭᠡᠭᠡᠨ ᠬᠥᠭᠵᠢᠭᠦᠯᠦᠯᠲᠡ ᠶᠢ ᠠᠬᠢᠭᠤᠯᠬᠤ ᠪᠣᠯ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠬᠡᠷᠡᠭᠵᠢᠭᠦᠯᠦᠭᠰᠡᠨ ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠂ ᠪᠥᠬᠦ ᠲᠤᠭᠤᠷᠢᠭ ᠤᠨ ᠳᠡᠭᠡᠳᠦ ᠳᠣᠤᠷᠠᠳᠤ ᠱᠠᠲᠤ ᠪᠠᠷ ᠢᠶᠠᠨ ᠵᠣᠬᠢᠴᠠᠭᠤᠯᠤᠨ ᠬᠠᠮᠵᠢᠯᠴᠠᠵᠤ᠂ ᠢᠳᠡᠪᠬᠢᠲᠡᠶ ᠳᠡᠮᠵᠢᠬᠦ ᠬᠡᠷᠡᠭᠲᠡᠶ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠰᠠᠷ᠎ᠠ ᠪᠦᠷᠢ ᠠᠵᠢᠯ ᠤᠨ ᠠᠬᠢᠴᠠ ᠪᠠᠨ ᠮᠡᠳᠡᠭᠦᠯᠬᠦ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠲᠣᠰ ᠠᠵᠢᠯ ᠢ ᠰᠢᠪᠠᠳᠠᠨ ᠰᠢᠢᠤᠡᠪᠤᠷᠢᠯᠡᠭᠦᠯᠬᠦ ᠤᠴᠢᠷ ᠶᠠᠪᠤᠳᠠᠯ ᠪᠠ ᠵᠢᠯ ᠤᠨ ᠡᠴᠦᠰ ᠲᠤ ᠬᠦᠷᠢᠶᠡᠯᠡᠩ ᠲᠣᠭᠤᠷᠢᠭ᠂ ᠡᠯ᠎ᠡ ᠰᠢᠶᠠᠩ ᠪᠠᠯᠭᠠᠰᠤ ᠪᠠ ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠨᠢᠭᠡᠴᠡ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠶ ᠶᠠᠪᠤᠳᠠᠯ ᠢ ᠪᠣᠳᠠᠲᠠᠶ ᠪᠠᠷ ᠬᠢᠬᠦ ᠶᠢ ᠦᠨᠡᠨ ᠬᠦ ᠪᠠᠲᠤᠯᠠᠨ᠎ᠠ᠃                                                   2022 ᠣᠨ ᠤ 12 ᠰᠠᠷ᠎ᠠ ᠶᠢᠨ 16᠎ ᠤ ᠡᠳᠦᠷ
政府公报内页(5).jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号