ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ᠨᠠᠮ ᠤᠨ ᠰᠤᠷᠲᠠᠯ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/10/1
      9 ᠰᠠᠷ᠎ᠠ ᠶᠢᠨ 27 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠭᠤᠯᠭ᠎ᠠ ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠠᠴᠠ ᠡᠮᠦᠨᠡᠬᠢ ᠨᠠᠮ ᠤᠨ ᠰᠤᠷᠲᠠᠯ ᠴᠢᠬᠡᠴᠢ ᠵᠠᠰᠠᠭ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠼᠤᠤ ᠬᠤᠢ ᠰᠢᠶᠠᠨ ᠬᠤᠷᠠᠯ ᠢ ᠡᠷᠬᠢᠯᠡᠵᠦ᠂ ᠪᠠᠶᠢᠭᠤᠯᠭ᠎ᠠ ᠶᠢᠨ ᠪᠦᠬᠦ ᠬᠥᠮᠦᠰ ᠬᠤᠷᠠᠯ ᠳᠤ ᠣᠷᠣᠯᠴᠠᠪᠠ᠃      ᠬᠤᠷᠠᠯ ᠠᠴᠠ ᠰᠠᠬᠢᠯᠭ᠎ᠠ ᠪᠠᠲᠤ ᠶᠢ ᠴᠢᠩᠳᠠᠯᠠᠬᠤ᠂ ᠠᠷᠢᠭᠤᠨ ᠴᠢᠬᠡᠴᠢ ᠪᠠᠷ ᠪᠠᠶᠠᠷ ᠤᠨ ᠡᠳᠦᠷ ᠢ ᠥᠩᠭᠡᠷᠡᠭᠦᠯᠬᠦ ᠲᠤᠬᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠵᠥᠷᠢᠴᠡᠭᠰᠡᠨ 7 ᠨᠡᠶᠢᠲᠡᠯᠢᠭ ᠠᠰᠠᠭᠤᠳᠠᠯ ᠢ ᠢᠯᠡ ᠪᠠᠷ ᠵᠠᠷᠯᠠᠨ ᠮᠡᠳᠡᠭᠳᠡᠵᠦ᠂ ︽ᠬᠤᠤᠰ ᠪᠠᠶᠠᠷ︾ ᠤᠨ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠤᠨ ᠬᠤᠭᠤᠴᠠᠭᠠᠨ ᠳᠠᠬᠢ ᠰᠠᠬᠢᠯᠭ᠎ᠠ ᠪᠠᠲᠤ ᠣᠪᠣᠷ ᠰᠤᠷᠲᠠᠯ ᠤᠨ ᠱᠠᠭᠠᠷᠳᠠᠯᠭ᠎ᠠ ᠶᠢ ᠲᠤᠬᠢᠷᠠᠭᠤᠯᠤᠨ ᠪᠠᠶᠢᠷᠢᠯᠠᠭᠤᠯᠵᠤ᠂ ᠼᠤᠤ ᠬᠤᠢ ᠰᠢᠶᠠᠨ ᠨᠥᠬᠦᠷ ᠪᠠᠶᠢᠭᠤᠯᠭ᠎ᠠ ᠶᠢᠨ ᠪᠦᠬᠦ ᠭᠡᠰᠢᠭᠦᠳ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠢ ᠰᠠᠨᠠᠭᠤᠯᠤᠮᠵᠢ ᠥᠭᠴᠡᠢ᠃      ᠬᠤᠷᠠᠯ ᠠᠴᠠ᠂ ᠨᠠᠮ ᠤᠨ ᠭᠡᠰᠢᠭᠦᠨ ᠺᠠᠳ᠋ᠷ ᠭᠦᠨᠵᠡᠭᠡᠢ ᠰᠤᠷᠭᠠᠮᠵᠢ ᠠᠪᠴᠤ᠂ ᠬᠡᠷᠡᠭ ᠢᠶᠠᠷ ᠲᠤᠯᠢ ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠬᠠᠮᠰᠠᠷ ᠪᠣᠯᠤᠨ ᠵᠣᠷᠢᠯᠲᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠷᠠᠳ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠤᠯᠠᠨ ᠲᠦᠮᠡᠨ ᠤ ᠶᠠᠪᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ᠃ ᠠᠷᠢᠭᠤᠨ ᠴᠢᠬᠡᠴᠢ ᠰᠤᠷᠲᠠᠯ ᠢ ᠶᠡᠭᠡ ᠪᠠᠷ ᠪᠠᠳᠠᠷᠠᠭᠤᠯᠵᠤ᠂ ᠡᠯ᠎ᠡ ᠵᠦᠢᠯ ᠤᠨ ᠬᠡᠯᠪᠡᠷᠢ ᠶᠢᠨ ᠪᠦᠷᠢᠯᠭᠡᠨ ᠰᠦᠢᠳᠬᠡᠬᠦ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ ᠬᠡᠷᠡᠭᠲᠡᠢ︔ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠵᠤ᠂ ᠴᠠᠭ ᠢᠮᠠᠭᠲᠠ ᠰᠣᠨᠣᠷ ᠰᠡᠷᠡᠮᠵᠢ ᠲᠠᠢ ᠪᠠᠶᠢᠵᠤ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭ᠎ᠠ ᠶᠣᠰᠣ ᠮᠣᠷᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠶ ᠭᠡᠵᠤ ᠴᠢᠬᠤᠯᠠᠴᠢᠯᠠᠪᠠ᠃

640.png

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号