ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/11
      10 ᠰᠠᠷ᠎ᠠ ᠶᠢᠨ 10᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 13 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ᠃      ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠨ ᠳᠠᠷᠤᠭ᠎ᠠ ᠰᠥᠩ ᠶᠤᠸᠠᠢ ︽ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︾ ᠭᠡᠬᠦ ᠭᠤᠤᠯ ᠰᠡᠳᠦᠪ ᠢᠶᠠᠷ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠬᠠᠶᠢᠷ᠎ᠠ ᠬᠠᠯᠠᠮᠵᠢ ᠶᠢ ᠭᠦᠨᠵᠡᠭᠡᠶ ᠣᠶᠢᠯᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠤᠳᠤᠷᠢᠳᠤᠮᠵᠢ ᠪᠣᠯᠭᠠᠨ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠭᠤᠷᠪᠠᠨ ᠲᠠᠯ᠎ᠠ ᠪᠠᠷ ᠭᠦᠨᠵᠡᠭᠡᠶ ᠲᠠᠶᠢᠯᠪᠤᠷᠢᠯᠠᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠭᠦᠨᠵᠡᠭᠡᠢ ᠰᠢᠩᠭᠡᠭᠡᠨ ᠠᠪᠴᠤ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠰᠠᠶᠢᠲᠤᠷ ᠠᠳᠬᠤᠬᠤ ᠬᠡᠷᠡᠭᠲᠡᠢ᠃ ᠰᠤᠷᠤᠯᠴᠠᠬᠤ ᠰᠡᠳᠬᠢᠵᠦ ᠦᠢᠯᠡᠳᠦᠯᠭᠡᠵᠢᠭᠦᠯᠬᠦ ᠳᠤᠮᠳᠠ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ᠂ ᠪᠠᠶᠢᠯᠳᠤᠬᠤ ᠪᠤᠳᠤᠯᠭ᠎ᠠ ᠪᠣᠯᠤᠨ ᠪᠦᠬᠦ ᠲᠠᠯ᠎ᠠ ᠶᠢᠨ ᠦᠨᠳᠦᠷᠴᠡ ᠠᠴᠠ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠶᠢᠨ ᠠᠯᠤᠰ ᠬᠡᠳᠤ ᠶᠢᠨ ᠪᠠᠶᠢᠯᠳᠤᠬᠤ ᠪᠤᠳᠤᠯᠭ᠎ᠠ ᠶᠢᠨ ᠲᠤᠬᠠᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠢ ᠬᠠᠶᠢᠷᠠᠯᠠᠨ ᠬᠠᠯᠠᠮᠵᠢᠯᠠᠵᠤ ᠪᠠᠶᠢᠬᠤ ᠶᠢ ᠨᠢ ᠭᠦᠨᠵᠡᠭᠡᠢ ᠣᠶᠢᠯᠠᠭᠠᠵᠤ᠂ ᠰᠤᠷᠤᠯᠴᠠᠬᠤ ᠪᠠᠷ ᠰᠦᠭ ᠰᠦᠨᠡᠰᠦ ᠪᠠᠨ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢᠶᠠᠨ ᠰᠠᠶᠢᠵᠢᠷᠠᠭᠤᠯᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠦᠨᠡᠨ ᠬᠦ ᠪᠡᠶᠡᠯᠡᠭᠦᠯᠵᠦ᠂ ᠡᠷᠴᠢ ᠵᠣᠷᠢᠭ ᠢᠶᠠᠨ ᠬᠥᠪᠴᠢᠯᠡᠵᠦ ᠡᠯ᠎ᠡ ᠵᠦᠢᠯ ᠤᠨ ᠠᠵᠢᠯ ᠢᠶᠠᠨ ᠤᠷᠤᠭᠰᠢ ᠠᠬᠢᠭᠤᠯᠵᠤ᠂ ᠪᠣᠳᠠᠲᠠᠢ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠪᠠᠨ ᠦᠢᠯᠡᠳᠦᠯᠭᠡᠵᠢᠭᠦᠯᠬᠦ ᠬᠡᠷᠡᠭᠲᠡᠢ︔  ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠶᠡᠭᠡ ᠶᠠᠪᠤᠳᠠᠯ︾᠎ ᠢ ᠦᠢᠯᠡᠳᠦᠯᠭᠡᠵᠢᠭᠦᠯᠵᠦ᠂ ᠬᠠᠶᠢᠷᠤᠪ ᠤᠨ ᠲᠤᠬᠤᠢ ᠶᠢᠨ ᠡᠯ᠎ᠡ ᠵᠦᠢᠯ ᠤᠨ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠪᠠᠨ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号