ᠦᠬᠠᠢ ᠬᠤᠳᠠ ᠶᠢᠨ ᠬᠠᠶᠢᠷᠤᠪ ᠤᠨ ᠲᠤᠬᠤᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/10/15
ᠡᠯ᠎ᠡ ᠬᠠᠮᠢᠶ᠎ᠠ ᠪᠥᠬᠦᠶ ᠨᠢᠭᠡᠴᠡ᠄      ᠮᠠᠨ ᠤ ᠲᠤᠭᠤᠷᠢᠭ ᠤᠨ ᠬᠥᠷᠥᠰᠥ ᠰᠢᠷᠣᠶ ᠶᠢᠨ ᠡᠬᠢ ᠪᠠᠶᠠᠯᠢᠭ ᠤᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠬᠥᠷᠥᠰᠥ ᠰᠢᠷᠣᠶ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ︽ᠭᠤᠷᠪᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹2022︺ 4 ᠳ᠋ᠤᠭᠡᠷ ᠲᠣᠭᠠᠲᠤ︶᠂ ︽ᠪᠥᠬᠦ ᠣᠷᠣᠨ ᠤ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ︹2022︺ 11 ᠳ᠋ᠦᠭᠡᠷ ᠲᠣᠭᠠᠲᠤ︶᠂ ︽ᠪᠥᠬᠦ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠬᠦ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠬᠠᠶ ᠵᠠᠰᠠᠭ ᠲᠠᠷᠬᠠᠭᠠᠭᠰᠠᠨ ︹2020︺ 30 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠲᠤᠭᠤᠷᠢᠭ ᠤᠨ ᠵᠠᠰᠠᠭ ᠤᠨ ᠣᠷᠳᠣᠨ ᠠᠴᠠ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠠᠬᠢᠭᠤᠯᠬᠤ ᠡᠷᠴᠢᠮ ᠤᠨ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ      ᠳᠤᠭᠤᠶᠢᠯᠠᠩ ᠤᠨ ᠳᠠᠷᠤᠭ᠎ᠠ᠄ ᠸᠠᠩ ᠱᠤ᠋ ᠶᠠᠨ    ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠳᠡᠳ᠋ ᠳᠤᠭᠤᠶᠢᠯᠠᠩ ᠤᠨ ᠳᠠᠷᠤᠭ᠎ᠠ᠄ ᠯᠢ ᠷᠦᠢ ᠹᠧᠨ    ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ      ᠪᠠᠢ ᠸᠧᠢ ᠵᠢᠶᠧ     ᠪᠠᠶᠢᠭᠠᠯᠢ ᠶᠢᠨ ᠡᠬᠢ ᠪᠠᠶᠠᠯᠢᠭ ᠤᠨ ᠬᠠᠶᠢᠷᠤᠪ ᠤᠨ ᠲᠤᠬᠤᠢ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ      ᠪᠦᠷᠢᠯᠳᠤᠭᠦᠨ᠄ ᠦ᠋ ᠴᠠᠩ ᠵᠢᠶᠠᠩ   ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ      ᠺᠧᠦ ᠵᠢᠶᠦ᠋ᠨ ᠹᠧᠩ     ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ      ᠯᠢᠶᠠᠨ ᠵᠢᠶᠦ᠋ᠨ    ᠴᠡᠭᠡᠯ ᠠᠭᠤᠯᠠ ᠪᠠᠯᠭᠠᠰᠤᠨ ᠤ ᠳᠡᠳ᠋ ᠳᠠᠷᠤᠭ᠎ᠠ      ᠪᠠᠶ ᠬᠤᠤ ᠯᠢᠨ    ᠪᠢᠨ ᠾᠧ ᠵᠡᠭᠡᠯᠢ ᠭᠤᠳᠤᠮᠵᠢ ᠶᠢᠨ ᠳᠡᠳ᠋ ᠡᠷᠬᠢᠯᠡᠭᠴᠢ      ᠵᠤᠤ ᠶᠢᠩ ᠨᠠᠨ     ᠯᠢᠨ ᠶᠢᠨ ᠵᠡᠭᠡᠯᠢ ᠭᠤᠳᠤᠮᠵᠢ ᠶᠢᠨ ᠳᠡᠳ᠋ ᠡᠷᠬᠢᠯᠡᠭᠴᠢ      ᠵᠠᠩ ᠸᠧᠶ       ᠠᠮᠢ ᠠᠬᠤᠶ ᠶᠢᠨ ᠣᠷᠴᠢᠨ ᠲᠣᠭᠤᠷᠢᠨ ᠤ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ      ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠳᠤ ᠪᠠᠶᠢᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠦ᠋ ᠴᠠᠩ ᠵᠢᠶᠠᠩ ᠨᠥᠬᠦᠷ ᠬᠠᠪᠰᠤᠷᠭᠠᠨ ᠡᠭᠦᠷᠭᠡᠯᠡᠨ᠎ᠡ᠃ ᠬᠤᠶᠢᠰᠢᠳᠠ᠂ ᠲᠤᠭᠤᠷᠢᠭ ᠤᠨ ᠤᠳᠤᠷᠢᠳᠤᠯᠭ᠎ᠠ ᠠᠴᠠ ᠭᠠᠳᠠᠨ᠎ᠠ᠂ ᠪᠤᠰᠤᠳ ᠬᠥᠮᠦᠰ ᠲᠤ ᠬᠤᠪᠢᠷᠠᠯᠲᠠ ᠭᠠᠷᠪᠠᠯ᠂ ᠤᠳᠤᠷᠢᠳᠬᠤ ᠳᠤᠭᠤᠶᠢᠯᠠᠩ ᠠᠴᠠ ᠥᠪᠡᠰᠦᠪᠡᠨ ᠲᠣᠬᠢᠷᠠᠭᠤᠯᠤᠯᠲᠠ ᠬᠢᠵᠦ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠠᠰ ᠲᠤᠨᠢ ᠪᠢᠴᠢᠭ ᠮᠠᠲ᠋ᠧᠷᠢᠶᠠᠯ ᠶᠠᠪᠤᠭᠤᠯᠬᠤ ᠥᠬᠡᠶ᠃     ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ     ᠮᠠᠨ ᠤ ᠲᠤᠭᠤᠷᠢᠭ ᠤᠨ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠠᠴᠠ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠬᠥᠷᠥᠰᠥ ᠰᠢᠷᠣᠶ ᠶᠢᠨ ᠭᠤᠷᠪᠠ ᠶᠢ ᠲᠦᠭᠡᠮᠡᠯᠵᠢᠭᠦᠯᠬᠦ ᠠᠵᠢᠯ ᠢ ᠪᠣᠳᠠᠲᠠᠶ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠶᠢ ᠬᠠᠷᠢᠭᠤᠴᠠᠵᠤ᠂ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠦᠬᠠᠶ ᠬᠤᠲᠠ ᠶᠢᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠳᠤ ᠠᠵᠢᠯ ᠤᠨ ᠠᠬᠢᠴᠠ ᠪᠠᠨ ᠮᠡᠳᠡᠭᠦᠯᠦᠨ᠎ᠡ᠃ ᠪᠣᠳᠠᠲᠠᠶ ᠡᠭᠦᠷᠭᠡ ᠬᠠᠷᠢᠭᠤᠴᠠᠯᠭ᠎ᠠ ᠨᠢ ᠳᠣᠤᠷᠠᠬᠢ ᠮᠡᠲᠦ᠄      ︵ᠨᠢᠭᠡ︶ ᠦᠬᠠᠶ ᠬᠤᠲᠠ ᠶᠢᠨ ᠭᠤᠷᠪᠠᠳᠤᠭᠠᠷ ᠤᠳᠠᠭᠠᠨ ᠤ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠬᠡᠷᠡᠭᠵᠢᠭᠦᠯᠬᠦ ᠲᠥᠰᠦᠯ ᠤᠨ ᠶᠣᠰᠣᠭᠠᠷ ᠬᠠᠮᠢᠶ᠎ᠠ ᠪᠥᠬᠦᠶ ᠠᠵᠢᠯ ᠢ ᠥᠷᠨᠢᠭᠦᠯᠵᠦ᠂ ᠪᠠᠶᠢᠴᠠᠭᠠᠯᠲᠠ ᠶᠢᠨ ᠲᠥᠷᠥ ᠶᠢᠨ ᠪᠣᠳᠣᠯᠭ᠎ᠠ ᠶᠢᠨ ᠴᠢᠨᠠᠷᠲᠠᠶ᠂ ᠮᠡᠷᠭᠡᠵᠢᠯ ᠤᠨ ᠴᠢᠨᠠᠷᠲᠠᠶ ᠠᠰᠠᠭᠤᠳᠠᠯ ᠢ ᠰᠤᠳᠤᠯᠬᠤ ᠪᠠ ᠰᠢᠢᠳᠪᠦᠷᠢᠯᠡᠵᠦ᠂ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠬᠤᠶᠠᠷ︶ ᠪᠦᠬᠦ ᠲᠤᠭᠤᠷᠢᠭ ᠤᠨ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠤᠬᠠᠭᠤᠯᠤᠨ ᠪᠣᠯᠪᠠᠰᠤᠷᠠᠭᠤᠯᠬᠤ᠂ ᠰᠢᠮᠳᠠᠭᠤᠯᠤᠨ ᠪᠠᠶᠢᠴᠠᠭᠠᠬᠤ᠂ ᠵᠢᠭᠠᠨ ᠵᠢᠯᠣᠭᠤᠳᠴᠤ ᠦᠢᠯᠡᠴᠢᠯᠡᠬᠦ᠂ ᠶᠠᠰᠤ ᠴᠢᠨᠠᠷ ᠢ ᠰᠤᠭᠤᠴᠢᠨ ᠪᠠᠶᠢᠴᠠᠭᠠᠬᠤ᠂ ᠲᠤᠭ᠎ᠠ ᠪᠦᠷᠢᠳᠬᠡᠯ ᠢ ᠬᠤᠷᠢᠶᠠᠩᠭᠤᠶᠢᠯᠠᠬᠤ᠂ ᠦᠷ᠎ᠡ ᠪᠦᠲᠦᠭᠡᠯ ᠢ ᠰᠢᠯᠭᠠᠨ ᠠᠪᠬᠤ ᠵᠡᠷᠭᠡ ᠠᠵᠢᠯ ᠢ ᠵᠣᠬᠢᠶᠠᠨ ᠪᠠᠶᠢᠭᠤᠯᠤᠨ᠎ᠠ︔ ᠳᠡᠰ ᠳᠠᠷᠠᠭᠠᠯᠠᠯ ᠤᠨ ᠶᠣᠰᠣᠭᠠᠷ ᠬᠥᠷᠥᠰᠥ ᠰᠢᠷᠣᠶ ᠶᠢᠨ ᠭᠤᠷᠪᠠ ᠶᠢ ᠲᠦᠭᠡᠮᠡᠯᠵᠢᠭᠦᠯᠬᠦ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠪᠣᠯᠤᠨ ᠭᠠᠳᠠᠷ ᠠᠵᠢᠯ ᠤᠨ ᠪᠠᠶᠢᠴᠠᠭᠠᠯᠲᠠ ᠶᠢᠨ ᠦᠯᠢᠭᠡᠷ ᠠᠪᠬᠤ ᠪᠠᠶᠢᠭᠤᠯᠤᠮᠵᠢ ᠶᠢ ᠲᠣᠭᠲᠠᠭᠠᠨ᠎ᠠ᠃      ︵ᠭᠤᠷᠪᠠ︶ ᠡᠯ᠎ᠡ ᠲᠥᠷᠥᠯ ᠤᠨ ᠬᠥᠷᠥᠰᠥ ᠰᠢᠷᠣᠢ ᠶᠢᠨ ᠭᠤᠷᠪᠠᠨ ᠨᠡᠶᠢᠳᠡᠮ ᠤᠨ ᠵᠢᠷᠤᠭ ᠪᠠ ᠮᠡᠳᠡᠭᠦᠯᠦᠯᠲᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠭᠤᠣᠯᠳᠠᠭᠤ ᠬᠥᠷᠥᠰᠥ ᠰᠢᠷᠣᠢ ᠶᠢᠨ ᠲᠥᠷᠥᠯ ᠬᠡᠯᠪᠡᠷᠢ ᠶᠢᠨ ᠵᠢᠷᠤᠭ᠂ ᠬᠥᠷᠥᠰᠥ ᠰᠢᠷᠣᠢ ᠶᠢᠨ ᠰᠢᠨᠵᠢ ᠴᠢᠨᠠᠷ ᠤᠨ ᠵᠢᠷᠤᠭ᠂ ᠬᠥᠷᠥᠰᠥ ᠰᠢᠷᠣᠢ ᠶᠢᠨ ᠲᠤᠰᠬᠠᠢ ᠰᠡᠳᠦᠪᠲᠦ ᠵᠢᠷᠤᠭ᠂ ᠬᠥᠷᠥᠰᠥ ᠰᠢᠷᠣᠢ ᠶᠢᠨ ᠭᠤᠷᠪᠠᠨ ᠨᠡᠶᠢᠳᠡᠮ ᠤᠨ ᠶᠠᠰᠤ ᠴᠢᠨᠠᠷ ᠢ ᠡᠵᠡᠮᠳᠡᠬᠦ ᠮᠡᠳᠡᠭᠦᠯᠦᠯᠲᠡ᠂ ᠮᠡᠷᠭᠡᠵᠢᠯ ᠤᠨ ᠮᠡᠳᠡᠭᠦᠯᠦᠯᠲᠡ᠂ ᠠᠵᠢᠯ ᠤᠨ ᠮᠡᠳᠡᠭᠦᠯᠦᠯᠲᠡ ᠶᠢ ᠪᠠᠭᠲᠠᠭᠠᠵᠤ᠂ ᠪᠦᠬᠦ ᠲᠤᠭᠤᠷᠢᠭ ᠤᠨ ᠬᠥᠷᠥᠰᠥ ᠰᠢᠷᠣᠢ ᠶᠢᠨ ᠠᠰᠢᠭᠯᠠᠯᠲᠠ ᠶᠢᠨ ᠲᠣᠬᠢᠷᠠᠬᠤ ᠴᠢᠨᠠᠷ ︵ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ ᠪᠠ ᠪᠡᠯᠴᠢᠭᠡᠷ ᠤᠨ ᠠᠰᠢᠭᠯᠠᠯᠲᠠ ᠳᠤ ᠲᠣᠬᠢᠷᠠᠬᠤ︶ ᠦᠨᠡᠯᠡᠯᠲᠡ ᠶᠢᠨ ᠮᠡᠳᠡᠭᠦᠯᠦᠯᠲᠡ᠂ ᠪᠥᠬᠦ ᠲᠤᠭᠤᠷᠢᠭ ᠤᠨ ᠲᠠᠷᠢᠶᠠᠨ ᠭᠠᠵᠠᠷ᠂ ᠴᠡᠴᠡᠷᠯᠢᠭ ᠤᠨ ᠭᠠᠵᠠᠷ᠂ ᠣᠶᠢᠲᠤ ᠭᠠᠵᠠᠷ᠂ ᠪᠡᠯᠴᠢᠭᠡᠷ ᠤᠨ ᠶᠠᠰᠤ ᠴᠢᠨᠠᠷ ᠤᠨ ᠮᠡᠳᠡᠭᠦᠯᠦᠯᠲᠡ᠂ ᠬᠦᠴᠢᠯᠵᠢᠭᠦᠯᠦᠭᠰᠡᠨ ᠲᠠᠷᠢᠶᠠᠨ ᠭᠠᠵᠠᠷ ᠵᠡᠷᠭᠡ ᠶᠢ ᠰᠠᠶᠢᠵᠢᠷᠠᠭᠤᠯᠤᠨ ᠠᠰᠢᠭᠯᠠᠬᠤ᠂ ᠠᠮᠢᠳᠤ ᠪᠣᠳᠠᠰ ᠤᠨ ᠪᠠᠶᠢᠴᠠᠭᠠᠯᠲᠠ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠬᠥᠷᠥᠰᠥ ᠰᠢᠷᠣᠢ ᠶᠢᠨ ᠣᠨᠴᠠᠯᠢᠭ ᠵᠡᠷᠭᠡ ᠲᠤᠰᠬᠠᠢ ᠵᠦᠢᠯ ᠤᠨ ᠮᠡᠳᠡᠭᠦᠯᠦᠯᠲᠡ ᠬᠢᠪᠡ᠃      ︵ᠲᠦᠷᠪᠡ︶ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠷᠢᠶᠠᠩᠭᠤᠶᠢᠯᠠᠬᠤ ᠪᠠ ᠪᠠᠶᠢᠴᠠᠭᠠᠵᠤ ᠰᠢᠯᠭᠠᠨ ᠠᠪᠬᠤ ᠶᠢ ᠬᠠᠷᠢᠭᠤᠴᠠᠨ᠎ᠠ︔ ᠪᠦᠬᠦ ᠲᠤᠭᠤᠷᠢᠭ ᠤᠨ ᠬᠥᠷᠥᠰᠥ ᠰᠢᠷᠣᠶ ᠶᠢᠨ ᠭᠤᠷᠪᠠᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ᠂ ᠵᠠᠳᠠᠯᠬᠤ ᠶᠢ ᠵᠣᠬᠢᠶᠠᠨ ᠪᠠᠶᠢᠭᠤᠯᠤᠨ᠎ᠠ︔ ᠰᠢᠶᠠᠨ ᠤ ᠱᠠᠲᠤᠨ ᠤ ᠨᠡᠶᠢᠳᠡᠮ ᠪᠠᠶᠢᠴᠠᠭᠠᠯᠲᠠ ᠶᠢᠨ ᠦᠷ᠎ᠡ ᠪᠦᠲᠦᠭᠡᠯ ᠢ ᠵᠣᠬᠢᠶᠠᠨ ᠪᠠᠶᠢᠭᠤᠯᠤᠨ ᠪᠦᠷᠢᠯᠳᠦᠭᠦᠯᠵᠦ᠂ ᠡᠯ᠎ᠡ ᠪᠠᠯᠭᠠᠰᠤ᠂ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠰᠠᠭᠤᠷᠢ ᠮᠠᠲ᠋ᠧᠷᠢᠶᠠᠯ ᠢ ᠳᠠᠩᠰᠠ ᠡᠪᠬᠡᠮᠡᠯ ᠳᠤ ᠣᠷᠣᠭᠤᠯᠬᠤ᠂ ᠬᠠᠳᠠᠭᠠᠯᠠᠬᠤ ᠵᠢᠴᠢ ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠰᠠᠭᠤᠷᠢ ᠮᠡᠳᠡᠭᠡ ᠵᠠᠩᠭᠢ ᠶᠢᠨ ᠬᠡᠷᠡᠭᠯᠡᠯᠲᠡ ᠬᠢᠭᠡᠳ ᠦᠢᠯᠡᠴᠢᠯᠡᠭᠡ ᠶᠢ ᠬᠠᠷᠢᠭᠤᠴᠠᠨ᠎ᠠ᠃                                    2023 ᠣᠨ ᠤ 10 ᠰᠠᠷ᠎ᠠ ᠶᠢᠨ 11᠎ ᠤ ᠡᠳᠦᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号