ᠼᠤᠤ ᠬᠤᠢ ᠰᠢᠶᠠᠨ ᠦᠨᠳᠦᠰᠦᠨ ᠱᠠᠲᠤᠨ ᠳᠤ ᠭᠦᠨᠵᠡᠭᠡᠶᠢᠷᠡᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾᠎ ᠤᠨ ᠪᠠᠶᠢᠭᠤᠯᠤᠯᠲᠠ ᠪᠠ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/19
      10 ᠰᠠᠷ᠎ᠠ ᠶᠢᠨ 13᠎ ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠪᠦᠯᠬᠦᠮ ᠳᠠᠭᠠᠭᠤᠯᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾᠎ ᠤᠨ ᠪᠠᠶᠢᠭᠤᠯᠤᠯᠲᠠ᠂ ᠬᠠᠷᠢᠯᠴᠠᠬᠤ ᠴᠡᠭ ᠤᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠥᠷᠨᠢᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯ ᠤᠨ ᠵᠥᠪᠯᠡᠯ᠂ ᠰᠢᠨᠬᠤᠸᠠ ᠵᠡᠭᠡᠯᠢ ᠭᠤᠳᠤᠮᠵᠢ᠂ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠪᠣᠯᠤᠨ ᠬᠡᠰᠡᠭ ᠲᠥᠯᠥᠭᠡᠯᠡᠭᠴᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠰᠢᠨᠬᠤᠸᠠ ᠵᠡᠭᠡᠯᠢ ᠭᠤᠳᠤᠮᠵᠢ ᠶᠢᠨ ᠰᠢᠩ ᠹᠦ᠋ ᠨᠡᠶᠢᠭᠡᠮ ᠲᠣᠭᠤᠷᠢᠭ᠂ ᠰᠢᠨᠬᠤᠸᠠ ᠵᠡᠭᠡᠯᠢ ᠭᠤᠳᠤᠮᠵᠢ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠪᠣᠯᠤᠨ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠠᠢ ᠳ᠋ᠠ ᠨᠡᠶᠢᠭᠡᠮ ᠲᠣᠭᠤᠷᠢᠭ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠩ ᠹᠦ᠋ ᠨᠡᠶᠢᠭᠡᠮ ᠲᠣᠭᠤᠷᠢᠭ ᠤᠨ ᠨᠤᠷᠠᠭᠠᠵᠤ ᠨᠡᠭᠦᠯᠭᠡᠬᠦ ᠠᠵᠢᠯ᠂ ᠰᠢᠨᠬᠤᠸᠠ ᠵᠡᠭᠡᠯᠢ ᠭᠤᠳᠤᠮᠵᠢ ᠶᠢᠨ ︽ᠠᠷᠠᠳ ᠤᠨ ᠲᠥᠯᠥᠭᠡᠯᠡᠭᠴᠢᠳ ᠤᠨ ᠭᠡᠷ ᠪᠦᠯᠢ︾᠎ ᠶᠢᠨ ᠪᠠᠶᠢᠭᠤᠯᠤᠯᠲᠠ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ ᠭᠤᠤᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠤᠨ ᠰᠢᠨᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠠᠶ ᠳ᠋ᠠ ᠨᠡᠶᠢᠭᠡᠮ ᠲᠣᠭᠤᠷᠢᠭ ᠤᠨ ᠭᠤᠤᠯ ᠰᠡᠳᠦᠪᠲᠦ ᠬᠥᠮᠦᠵᠢᠯ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ︽ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠬᠤ︾᠎ ᠶᠢ ᠪᠠᠷᠢᠮᠲᠠᠯᠠᠵᠤ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ︔ ᠵᠢᠭᠰᠠᠭᠠᠯ ᠤᠨ ᠭᠠᠵᠠᠷ ᠤᠨ ᠤᠬᠠᠮᠰᠠᠷ ᠢᠶᠠᠨ ᠴᠢᠩᠭᠠᠳᠬᠠᠵᠤ᠂ ︽ᠠᠷᠠᠳ ᠤᠨ ᠲᠥᠯᠥᠭᠡᠯᠡᠭᠴᠢᠳ ᠤᠨ ᠬᠡᠷ ᠪᠦᠯᠢ︾᠎ ᠶᠢ ᠠᠷᠠᠳ ᠤᠨ ᠲᠥᠯᠥᠭᠡᠯᠡᠭᠴᠢᠳ ᠤᠨ ᠠᠵᠢᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠯᠠᠨ ᠲᠦᠮᠡᠨ ᠲᠠᠢ ᠬᠠᠷᠢᠯᠴᠠᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠤᠬᠠᠭᠤᠯᠬᠤ ᠴᠢᠬᠤᠯᠠ ᠠᠴᠢᠶᠠᠯᠠᠪᠤᠷᠢ ᠪᠠ ᠲᠠᠪᠴᠠᠩ ᠪᠣᠯᠭᠠᠵᠤ᠂ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ︾᠎ ᠤᠨ ᠪᠠᠶᠢᠭᠤᠯᠤᠯᠲᠠ ᠶᠢᠨ ᠠᠵᠢᠯ ᠢ ᠦᠨᠡᠨ ᠬᠦ ᠪᠣᠳᠠᠲᠠᠶ ᠠᠳᠬᠤᠵᠤ᠂ ᠰᠠᠶᠢᠲᠤᠷ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号