ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠭᠤᠤᠯ ᠰᠡᠳᠦᠪᠲᠦ ᠬᠥᠮᠦᠵᠢᠯ ᠤᠨ ᠬᠠᠷᠢᠯᠴᠠᠬᠤ ᠴᠡᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ
ᠨᠡᠶᠢᠲᠡᠯᠡᠭᠰᠡᠨ ᠴᠠᠭ᠄
2023/10/19
      10 ᠰᠠᠷ᠎ᠠ ᠶᠢᠨ 13᠎ ᠤ ᠡᠳᠦᠷ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠤᠯ ᠰᠡᠳᠦᠪᠲᠦ ᠬᠥᠮᠦᠵᠢᠯ ︵ᠨᠠᠮ ᠤᠨ ᠪᠠᠶᠢᠭᠤᠯᠤᠯᠲᠠ︶᠎ ᠤᠨ ᠬᠠᠷᠢᠯᠴᠠᠬᠤ ᠴᠡᠭ ᠲᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠴᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠵᠢᠴᠢ ᠨᠠᠮ ᠤᠨ ᠪᠠᠶᠢᠭᠤᠯᠤᠯᠲᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠤᠯ ᠰᠡᠳᠦᠪᠲᠦ ᠬᠥᠮᠦᠵᠢᠯ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃      ᠡᠯ᠎ᠡ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠂ ᠨᠠᠮ ᠤᠨ ᠲᠥᠪ ᠬᠤᠷᠢᠶᠠᠨ ᠤ ᠪᠦᠬᠦ ᠨᠠᠮ ᠤᠨ ᠳᠣᠲᠣᠷ᠎ᠠ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠨᠠᠩ ᠤᠬᠠᠮᠰᠠᠷ ᠠᠴᠠ ᠪᠠᠨ ᠭᠦᠨᠵᠡᠭᠡᠶ ᠣᠶᠢᠯᠠᠭᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠬᠡᠷᠡᠭᠲᠡᠶ︔ ᠭᠤᠤᠯ ᠰᠡᠳᠦᠪᠲᠦ ᠬᠥᠮᠦᠵᠢᠯ ᠤᠨ ᠵᠥᠪ ᠣᠨᠣᠪᠴᠢᠲᠠᠶ ᠤᠯᠤᠰ ᠲᠥᠷᠦ ᠶᠢᠨ ᠴᠢᠭᠯᠡᠯ ᠢ ᠴᠠᠭ ᠢᠮᠠᠭᠲᠠ ᠪᠠᠲᠤ ᠡᠵᠡᠮᠳᠡᠵᠦ᠂ ᠲᠤᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠭᠤᠤᠯᠳᠠᠯᠭ᠎ᠠ ᠲᠠᠢ ᠠᠷᠭ᠎ᠠ ᠬᠡᠮᠵᠢᠶ᠎ᠡ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠶ︔ ᠭᠤᠤᠯ ᠰᠡᠳᠦᠪᠲᠦ ᠬᠥᠮᠦᠵᠢᠯ ᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠪᠣᠯᠤᠨ ︽ᠭᠤᠷᠪᠠᠨ ᠤᠮᠠᠷᠠᠲᠤ︾᠎ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠣᠯᠠᠨ ᠪᠠᠭᠰᠢ ᠰᠤᠷᠤᠭᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠤ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号