ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠪᠦᠯᠬᠦᠮ ᠳᠠᠭᠠᠭᠤᠯᠤᠨ ᠭᠠᠳᠠᠭᠰᠢ ᠭᠠᠷᠴᠤ  ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/10/19
      ᠤᠶᠢᠷ᠎ᠠ ᠶᠢᠨ ᠡᠳᠦᠷ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ ᠪᠦᠯᠬᠦᠮ ᠳᠠᠭᠠᠭᠤᠯᠤᠨ ᠪᠡᠭᠡᠵᠢᠩ ᠤᠨ ᠹᠧᠩ ᠲᠠᠢ ᠲᠣᠭᠤᠷᠢᠭ᠂ ᠪᠦᠦ ᠳ᠋ᠢᠩ ᠠᠨ ᠰᠢᠨ ᠰᠢᠶᠠᠨ ᠵᠡᠷᠭᠡ ᠭᠠᠵᠠᠷ ᠲᠤ ᠬᠦᠷᠴᠦ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠪᠣᠯᠤᠨ ᠬᠤᠳᠠ ᠶᠢᠨ ᠬᠡᠪᠴᠢᠶᠡᠨ ᠤ ᠵᠠᠰᠠᠯᠲᠠ ᠶᠢᠨ ᠲᠡᠷᠢᠭᠦᠨ ᠤ ᠲᠤᠷᠰᠢᠯᠭ᠎ᠠ ᠪᠣᠯᠤᠨ ᠠᠷᠭ᠎ᠠ ᠬᠢᠳᠡᠯ ᠢ ᠰᠤᠷᠤᠯᠴᠠᠨ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠪᠡᠭᠡᠵᠢᠩ ᠬᠤᠳᠠ ᠶᠢᠨ ᠹᠧᠩ ᠲᠠᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠪᠸᠢ ᠭᠦᠩ ᠪᠠᠯᠭᠠᠰᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ᠂ ᠸᠠᠨ ᠫᠢᠩ ᠵᠡᠭᠡᠯᠢ ᠭᠤᠳᠤᠮᠵᠢ ᠶᠢᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾᠎ ᠢ ᠲᠣᠭᠤᠷᠢᠨ ᠦᠵᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠡᠬᠢᠯᠡᠭᠦᠯᠵᠦ᠂ ᠳᠠᠷᠠᠭ᠎ᠠ ᠨᠢ ᠲᠤᠬᠠᠢ ᠶᠢᠨ ᠭᠠᠵᠠᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠶᠠᠷᠢᠯᠴᠠᠬᠤ ᠬᠤᠷᠠᠯ ᠬᠤᠷᠠᠯᠳᠤᠭᠤᠯᠵᠤ᠂ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃   

640.jpg

 

 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号