ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠠᠷᠢᠯᠴᠠᠬᠤ ᠳᠤᠭᠤᠶᠢᠯᠠᠩ ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠨᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2023/10/20
      10 ᠰᠠᠷ᠎ᠠ ᠶᠢᠨ 19᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠠᠷᠢᠯᠴᠠᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᡁᠢ ᠢ ᠨᠡᠷ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠠᠨ ᠶᠦᠨ ᠭᠧ ᠬᠤᠷᠠᠯ ᠢ ᠡᠷᠭᠢᠯᠡᠪᠡ᠃      ᠬᠠᠷᠢᠯᠴᠠᠬᠤ ᠳᠤᠭᠤᠶᠢᠯᠠᠩ ᠤᠨ ᠬᠢᠨ ᠤᠷᠢᠳ ᠬᠤᠵᠢᠳ ᠪᠢᠨ ᠾᠧ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠤ᠋ ᠳ᠋ᠦᠩ ᠨᠡᠶᠢᠭᠡᠮ ᠲᠣᠭᠤᠷᠢᠭ᠂ ︽ᠨᠢᠭᠡ ᠥᠷᠲᠡᠭᠡᠨ ᠤ ᠮᠠᠶ᠋ᠢᠭ︾᠎ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠵᠡᠷᠭᠡ ᠭᠠᠵᠠᠷ ᠲᠤ ᠬᠦᠷᠴᠡᠢ᠃      ᠶᠠᠷᠢᠯᠴᠠᠬᠤ ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠠᠨ ᠶᠦᠨ ᠭᠧ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠶᠢ ᠲᠥᠯᠥᠭᠡᠯᠡᠨ ᠭᠤᠤᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠦ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ᠂ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠲᠤᠭᠤᠷᠢᠭ ᠤᠨ ᠤᠯᠤᠰ ᠲᠥᠷᠦ ᠶᠢᠨ ᠵᠥᠪᠯᠡᠯᠭᠡᠨ᠂ ᠲᠤᠭᠤᠷᠢᠭ ᠤᠨ ᠪᠠᠶᠢᠴᠠᠭᠠᠬᠤ ᠬᠤᠷᠢᠶ᠎ᠠ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠯᠢ ᡁᠢ ᠢ ᠬᠡᠯᠡᠭᠰᠡᠨ ᠨᠢ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠨᠤᠯ ᠤᠨ ᠰᠤᠷᠤᠯᠴᠠᠯᠭ᠎ᠠ ᠶᠢᠨ ᠥᠷᠨᠢᠯᠲᠡ ᠶᠢ ᠭᠦᠨᠵᠡᠭᠡᠶ ᠠᠬᠢᠭᠤᠯᠵᠤ᠂ ︽ᠦᠵᠡᠯ ᠰᠠᠨᠠᠭ᠎ᠠ ᠶᠢ ᠰᠤᠷᠤᠯᠴᠠᠬᠤ︾᠎ ᠶᠢ ᠨᠢᠭᠡᠳᠦᠭᠡᠷ ᠡᠭᠦᠷᠭᠡ ᠪᠣᠯᠭᠠᠨ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠤᠯᠴᠠᠬᠤ᠂ ᠤᠭ ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠠᠷᠢᠬᠢ ᠲᠣᠯᠣᠭᠠᠶ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠶ︔ ᠤᠯᠠᠨ ᠲᠦᠮᠡᠨ ᠤ ᠪᠠᠴᠢᠮ ᠪᠡᠷᠬᠡ ᠵᠣᠪᠠᠨᠢᠯ ᠤᠨ ᠬᠦᠰᠡᠯ ᠡᠷᠡᠮᠡᠯᠵᠡᠯ ᠢᠶᠠᠷ ᠭᠠᠷᠳᠠᠬᠤ ᠴᠡᠭ ᠪᠣᠯᠭᠠᠵᠤ᠂ ᠪᠠᠶᠢᠴᠠᠭᠠᠨ ᠰᠤᠳᠤᠯᠬᠤ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠠᠷᠠᠳ ᠤᠯᠠᠨ ᠤ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠬᠠᠷᠢᠶ᠎ᠠ ᠣᠷᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号