ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾᠎ ᠤᠨ ᠬᠢᠨᠠᠯᠲᠠ ᠲᠠᠯᠪᠢᠬᠤ ᠲᠠᠪᠴᠠᠩ ᠤᠨ ᠪᠣᠯᠪᠠᠰᠤᠷᠠᠯ ᠤᠨ ᠠᠩᠬᠢ ᠥᠷᠨᠢᠭᠦᠯᠪᠡ
ᠨᠡᠶᠢᠲᠡᠯᠡᠭᠰᠡᠨ ᠴᠠᠭ᠄
2023/10/20
      ᠨᠠᠮ ᠤᠨ ᠬᠤᠷᠢᠳᠤᠭᠠᠷ ᠶᠡᠭᠡ ᠬᠤᠷᠠᠯ ᠵᠢᠴᠢ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠠᠷᠠᠳ ᠤᠯᠠᠨ ᠤ ᠬᠠᠷᠢᠯᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ  ᠳᠡᠭᠡᠭᠰᠢᠯᠡᠭᠦᠯᠬᠦ ᠶᠢᠨ ᠲᠦᠯᠤᠭᠡ᠂10 ᠰᠠᠷ᠎ᠠ ᠶᠢᠨ 19᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠣᠭᠤᠷᠢᠭ ᠤᠨ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ᠂ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾᠎ ᠳᠤ ᠬᠢᠨᠠᠯᠲᠠ ᠲᠠᠯᠪᠢᠬᠤ ᠲᠠᠪᠴᠠᠩ ᠤᠨ ᠪᠣᠯᠪᠠᠰᠤᠷᠠᠯ ᠢ ᠥᠷᠨᠢᠭᠦᠯᠪᠡ᠃      ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠠᠵᠢᠯᠲᠠᠳ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾᠎ ᠤᠨ ᠬᠢᠨᠠᠯᠲᠠ ᠲᠠᠯᠪᠢᠬᠤ ᠲᠠᠪᠴᠠᠩ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠠᠯᠬᠤᠮ ᠳᠠᠷᠠᠭ᠎ᠠ ᠪᠣᠯᠤᠨ ᠬᠡᠷᠡᠭᠯᠡᠯᠲᠡ ᠶᠢᠨ ᠲᠤᠬᠠᠢ ᠨᠠᠷᠢᠨ ᠲᠠᠶᠢᠯᠤᠮᠵᠢ ᠪᠠ ᠦᠵᠡᠭᠦᠯᠦᠯᠭᠡ ᠬᠢᠵᠦ᠂ ᠲᠥᠯᠥᠭᠡᠯᠡᠭᠴᠢᠳ ᠠᠵᠢᠯᠲᠠᠳ ᠤᠨ ᠵᠢᠯᠤᠭᠤᠳᠤᠯᠭ᠎ᠠ ᠳᠣᠣᠷ᠎ᠠ ᠭᠠᠷ ᠤᠲᠠᠰᠤᠨ ᠤ ᠦᠵᠦᠭᠦᠷ ᠢᠶᠠᠷ ᠳᠠᠮᠵᠢᠭᠤᠯᠤᠨ ︽ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ︾᠎ ᠤᠨ ᠬᠢᠨᠠᠯᠲᠠ ᠲᠠᠯᠪᠢᠬᠤ ᠲᠠᠪᠴᠠᠩ ᠳᠤ ᠣᠷᠣᠵᠤ᠂ ᠰᠦᠯᠵᠢᠶᠡᠨ ᠳᠡᠭᠡᠷ᠎ᠡ ᠵᠡᠷᠭᠡᠪᠡᠷ ᠠᠵᠢᠯᠯᠠᠵᠤ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ᠂ ᠰᠠᠨᠠᠯ ᠰᠠᠨᠠᠭᠤᠯᠭ᠎ᠠ ᠶᠢ ᠲᠤᠰᠢᠶᠠᠬᠤ ᠵᠡᠷᠭᠡ ᠬᠡᠰᠡᠭ ᠤᠨ ᠠᠵᠢᠯᠯᠠᠭᠠᠨ ᠤ ᠠᠯᠬᠤᠮ ᠳᠠᠷᠠᠭ᠎ᠠ ᠶᠢ ᠲᠣᠳᠣᠷᠬᠠᠢ ᠡᠵᠡᠮᠰᠢᠵᠦ᠂ ᠲᠠᠪᠴᠠᠩ ᠤᠨ ᠠᠵᠢᠯᠯᠠᠭᠠᠨ ᠳᠤ ᠪᠦᠬᠦ ᠲᠠᠯ᠎ᠠ ᠶᠢᠨ ᠲᠠᠨᠢᠯᠲᠠ ᠪᠠ ᠣᠶᠢᠯᠠᠭᠠᠯᠲᠠ ᠲᠠᠢ ᠪᠣᠯᠵᠠᠢ᠃      ᠬᠤᠷᠠᠯ ᠠᠴᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠲᠤᠰ ᠲᠠᠪᠴᠠᠩ ᠢ ᠢᠳᠡᠪᠬᠢᠲᠡᠢ ᠳᠡᠯᠭᠡᠷᠡᠭᠦᠯᠵᠦ᠂ ᠠᠮᠢᠳᠤᠯᠢᠭ ᠢᠶᠠᠷ ᠬᠡᠷᠡᠭᠯᠡᠵᠦ᠂ ᠤᠶᠤᠨᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠲᠠᠪᠴᠠᠩ ᠢ ᠦᠨᠡᠨᠬᠦ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠪᠠᠨ ᠴᠢᠩᠭᠠᠳᠬᠠᠵᠤ᠂ ᠤᠯᠠᠨ ᠲᠦᠮᠡᠨ ᠲᠠᠢ ᠨᠢᠭᠲᠠ ᠬᠠᠷᠢᠯᠴᠠᠬᠤ ᠴᠢᠬᠤᠯᠠ ᠲᠠᠪᠴᠠᠩ ᠪᠣᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠭᠡ ᠵᠠᠩᠭᠢ ᠶᠢ ᠢᠯᠡ ᠪᠣᠯᠭᠠᠬᠤ ᠶᠢ ᠪᠠᠶᠢᠩᠭᠤᠵᠢᠭᠤᠯᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠬᠢᠨᠠᠨ ᠰᠢᠯᠭᠠᠬᠤ ᠲᠣᠭᠠᠴᠢᠯᠠᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠤᠯᠠᠨ ᠲᠦᠮᠡᠨ ᠲᠠᠢ ᠬᠠᠷᠢᠯᠴᠠᠬᠤ ᠳᠤ ᠳᠥᠭᠦᠮ ᠳᠥᠲᠡ ᠪᠣᠯᠭᠠᠬᠤ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠬᠤᠯᠪᠣᠭ᠎ᠠ ᠠᠪᠬᠤ ᠭᠠᠵᠠᠷ ᠤᠨ ᠴᠢᠨᠠᠷ ᠰᠠᠶᠢᠲᠠᠶ ᠠᠵᠢᠯᠯᠠᠭᠠᠨ ᠢ ᠠᠬᠢᠭᠤᠯᠬᠤ ᠬᠤᠷᠠᠯ ᠪᠣᠯᠭᠠᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠲᠠᠪᠴᠠᠩ ᠢ ᠴᠢᠳᠠᠮᠠᠭᠠᠶ ᠬᠡᠷᠡᠭᠯᠡᠵᠦ᠂ ᠲᠣᠰ ᠲᠣᠰ ᠤᠨ ᠠᠵᠢᠯ ᠤᠨ ᠳᠤᠮᠳᠠᠬᠢ ᠣᠨᠴᠠᠯᠢᠭ ᠲᠠᠢ ᠬᠢᠯᠠᠰ ᠴᠡᠭ᠂ ᠨᠡᠶᠢᠲᠡᠯᠢᠭ ᠲᠤᠷᠰᠢᠯᠭ᠎ᠠ ᠪᠠᠨ ᠳᠡᠯᠭᠡᠨ ᠦᠵᠡᠭᠦᠯᠵᠦ᠂ ᠲᠠᠪᠴᠠᠩ ᠢ ᠠᠷᠠᠳ ᠤᠨ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠦᠴᠦᠷᠬᠡᠭ ᠬᠠᠪᠰᠤᠷᠤᠭᠴᠢ ᠪᠣᠯᠭᠠᠵᠤ᠂ ᠲᠥᠯᠥᠭᠡᠯᠡᠭᠴᠢᠳ ᠤᠨ ᠣᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠪᠠ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠨᠠᠩ ᠰᠠᠶᠢᠲᠤᠷ ᠪᠠᠳᠠᠷᠠᠭᠤᠯᠵᠤ᠂ ᠮᠠᠨ ᠤ ᠲᠤᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠭᠡᠵᠤ ᠴᠢᠬᠤᠯᠠᠴᠢᠯᠠᠪᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号