ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠯᠲᠠ ᠣᠷᠣᠵᠤ ᠰᠠᠭᠤᠬᠤ ᠠᠵᠢᠯ ᠢᠶᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2023/10/23
      ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ 10 ᠰᠠᠷ᠎ᠠ ᠶᠢᠨ 20᠎ ᠤ ᠡᠳᠦᠷ ᠪᠣᠯᠲᠠᠯ᠎ᠠ᠂ ᠶᠢᠰᠦᠳᠦᠭᠡᠷ ᠬᠤᠭᠤᠴᠠᠭᠠᠨ ᠤ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠲᠠᠪᠤᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ 3 ᠴᠠᠭᠳᠠᠨ ᠪᠠᠶᠢᠴᠠᠭᠠᠬᠤ ᠳᠤᠭᠤᠶᠢᠯᠠᠩ ᠨᠢᠭᠡᠨᠲᠡ 13 ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠳᠤ ᠣᠷᠣᠵᠤ ᠰᠠᠭᠤᠬᠤ ᠠᠵᠢᠯ ᠢᠶᠠᠨ ᠪᠡᠶᠡᠯᠡᠭᠦᠯᠪᠡ᠃      ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠨᠢᠭᠡᠨᠲᠡ ᠲᠣᠰ ᠲᠣᠰ ᠴᠠᠭᠳᠠᠨ ᠪᠠᠶᠢᠴᠠᠭᠠᠬᠤ ᠣᠷᠣᠵᠤ ᠰᠠᠭᠤᠬᠤ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠡᠮᠦᠨ᠎ᠡ᠂ ᠡᠯ᠎ᠡ ᠴᠠᠭᠳᠠᠨ ᠪᠠᠶᠢᠴᠠᠭᠠᠬᠤ ᠳᠤᠭᠤᠶᠢᠯᠠᠩ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠳᠤ ᠠᠵᠢᠯ ᠤᠨ ᠲᠤᠬᠢᠷᠠᠭᠤᠯᠤᠯᠳᠠ ᠶᠢ ᠮᠡᠳᠡᠭᠳᠡᠪᠡ᠃ ᠬᠤᠷᠠᠯ ᠳᠡᠭᠡᠷ᠎ᠡ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠲᠤᠬᠠᠶ ᠱᠠᠭᠠᠷᠳᠠᠯᠭ᠎ᠠ ᠳᠤᠷᠠᠳᠪᠠ᠃ ᠴᠠᠭᠳᠠᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠳᠤᠮᠳᠠ᠂ ᠲᠤᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠲᠦᠷᠦ ᠶᠢᠨ ᠴᠠᠭᠳᠠᠨ ᠪᠠᠶᠢᠴᠠᠭᠠᠬᠤ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠨᠠᠶᠢᠳᠠᠪᠤᠷᠢᠵᠢᠭᠤᠯᠤᠨ᠎ᠠ᠃ ᠲᠣᠭᠤᠷᠢᠨ ᠪᠠᠶᠢᠴᠠᠭᠠᠯᠲᠠ ᠨᠢ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠭᠰᠠᠨ ᠪᠠᠶᠢᠳᠠᠯ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠤᠨ ᠠᠰᠠᠭᠤᠳᠠᠯ ᠪᠣᠯᠤᠨ ᠲᠥᠪ ᠪᠤᠰᠤ ᠰᠤᠷᠲᠠᠯ ᠵᠢᠴᠢ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠬᠢᠨᠠᠯᠲᠠ ᠲᠠᠯᠪᠢᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ᠣᠷᠣᠰᠢᠵᠤ ᠪᠠᠶᠢᠭ᠎ᠠ ᠤᠯᠤᠰ ᠲᠦᠷᠦ ᠶᠢᠨ ᠠᠰᠠᠭᠤᠳᠠᠯ᠂ ᠬᠠᠷᠢᠭᠤᠴᠠᠯᠭ᠎ᠠ ᠶᠢᠨ ᠠᠰᠠᠭᠤᠳᠠᠯ᠂ ᠴᠢᠳᠠᠪᠤᠷᠢ ᠶᠢᠨ ᠠᠰᠠᠭᠤᠳᠠᠯ᠂ ᠢᠯᠵᠠᠷᠠᠯ ᠤᠨ ᠠᠰᠠᠭᠤᠳᠠᠯ ᠪᠣᠯᠤᠨ ᠰᠤᠷᠲᠠᠯ ᠤᠨ ᠠᠰᠠᠭᠤᠳᠠᠯ ᠢ ᠬᠦᠴᠦᠯᠡᠨ ᠢᠯᠡᠷᠡᠭᠦᠯᠬᠦ ᠪᠠ ᠠᠬᠢᠭᠤᠯᠬᠤ ᠪᠣᠯᠤᠨ᠎ᠠ ᠃      ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠬᠠᠢ ᠶᠢᠨ ᠲᠠᠯᠠᠪᠠᠢ ᠶᠢᠨ ᠲᠣᠭᠤᠷᠢᠨ ᠪᠠᠶᠢᠴᠠᠭᠠᠬᠤ ᠴᠠᠭ ᠨᠢ 60 ᠡᠳᠦᠷ ᠣᠷᠴᠢᠮ ᠪᠠᠶᠢᠵᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠴᠠᠭ ᠨᠢ 2023 ᠣᠨ ᠤ 12 ᠰᠠᠷ᠎ᠠ ᠶᠢᠨ 15᠎ ᠤ ᠡᠳᠦᠷ ᠬᠦᠷᠦᠨ᠎ᠡ᠃ ᠲᠣᠭᠤᠷᠢᠨ ᠪᠠᠶᠢᠴᠠᠭᠠᠬᠤ ᠬᠤᠭᠤᠴᠠᠭᠠᠨ ᠳᠤ ᠵᠢᠵᠢᠭᠦᠷᠯᠡᠬᠦ ᠤᠲᠠᠰᠤ᠂ ᠡᠯᠧᠺᠲᠷᠣᠨ ᠰᠢᠦᠳᠠᠨ ᠬᠠᠶᠢᠷᠴᠠᠭ ᠵᠡᠷᠭᠡ ᠶᠢ ᠪᠠᠶᠢᠭᠤᠯᠵᠤ᠂ ᠭᠤᠤᠯᠳᠠᠭᠤ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠵᠢᠴᠢ ᠲᠡᠭᠦᠨ ᠤ ᠪᠦᠷᠢᠯᠳᠦᠬᠦᠨ᠂ ᠳᠣᠤᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠤᠯ ᠬᠠᠷᠢᠭᠤᠴᠠᠯᠭᠠᠲᠠᠨ᠂ ᠬᠠᠷᠢᠶ᠎ᠠ ᠨᠢᠭᠡᠴᠡ ︵ᠳᠣᠲᠣᠭᠠᠳᠤ ᠪᠠᠶᠢᠭᠤᠯᠤᠮᠵᠢ︶᠎ ᠶᠢᠨ ᠭᠤᠤᠯ ᠬᠠᠷᠢᠭᠤᠴᠠᠯᠭᠠᠲᠠᠨ ᠵᠢᠴᠢ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠢ ᠲᠤᠰᠬᠠᠭᠰᠠᠨ ᠵᠠᠬᠢᠳᠠᠯ ᠤᠲᠠᠰᠤ ᠰᠤᠷᠪᠤᠯᠵᠢᠯᠠᠭ᠎ᠠ ᠶᠢ ᠭᠥᠯᠢᠶᠡᠨ ᠠᠪᠴᠤ ᠰᠢᠢᠳᠪᠦᠷᠢᠯᠡᠨ᠎ᠡ᠂ ᠭᠤᠤᠯᠳᠠᠯᠭ᠎ᠠ ᠨᠢ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠶᠢᠨ ᠢᠯᠡᠴᠢᠯᠡᠨ ᠮᠡᠳᠡᠭᠦᠯᠦᠯᠲᠡ ᠪᠠ ᠲᠤᠰᠬᠠᠯ ᠪᠣᠯᠤᠨ᠎ᠠ᠃ ᠲᠣᠭᠤᠷᠢᠨ ᠪᠠᠶᠢᠴᠠᠭᠠᠯᠲᠠ ᠶᠢᠨ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号