ᠲᠤᠰᠬᠠᠢ ᠰᠡᠳᠦᠪ ᠤᠨ ᠪᠣᠯᠪᠠᠰᠤᠷᠠᠯ︕ ᠶᠡᠭᠡ ᠬᠢᠴᠢᠶᠡᠯ ᠡᠬᠢᠯᠡᠨ᠎ᠡ ᠁
ᠨᠡᠶᠢᠲᠡᠯᠡᠭᠰᠡᠨ ᠴᠠᠭ᠄
2023/10/23
      ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠤᠯᠤᠰ ᠤᠨ ᠠᠮᠤᠷ ᠲᠦᠪᠰᠢᠨ ᠤ ᠵᠥᠪᠯᠡᠯ ᠤᠨ ᠠᠯᠪᠠᠨ ᠬᠡᠷ᠂ ᠲᠣᠭᠤᠷᠢᠭ ᠤᠨ ᠠᠷᠠᠳ ᠤᠨ ᠰᠡᠷᠭᠡᠶᠢᠯᠡᠯᠲᠡ ᠶᠢᠨ ᠱᠤᠭᠤᠮ ᠤᠨ ᠠᠯᠪᠠᠨ ᠬᠡᠷ ᠲᠠᠢ ᠬᠠᠮᠲᠤᠷᠠᠨ᠂ ᠤᠯᠤᠰ ᠤᠨ ᠠᠮᠤᠷ ᠲᠦᠪᠰᠢᠨ ᠤ ᠶᠠᠷᠢᠶᠠᠨ ᠤ ᠲᠠᠩᠬᠢᠮ ᠤᠨ ᠪᠣᠯᠪᠠᠰᠤᠷᠠᠭᠤᠯᠤᠯ ᠤᠨ ᠠᠵᠢᠯᠯᠠᠭ᠎ᠠ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠶᠡᠷᠦᠩᠬᠡᠶ ᠦᠵᠡᠯᠲᠡ ᠶᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠦᠭᠡᠮᠡᠯᠵᠢᠭᠦᠯᠬᠦ ᠪᠠᠨ ᠴᠢᠩᠭᠠᠳᠬᠠᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠨᠢᠭᠡ ᠪᠠᠯᠭᠠᠰᠤ ᠵᠢᠷᠭᠤᠭᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ 42 ᠲᠣᠰᠬᠤᠨ᠂ ᠨᠡᠶᠢᠭᠡᠮ ᠲᠣᠭᠤᠷᠢᠭ ᠵᠡᠷᠭᠡ 70 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃      ᠪᠣᠯᠪᠠᠰᠤᠷᠠᠯ ᠤᠨ ᠬᠤᠷᠠᠯ ᠳᠡᠭᠡᠷ᠎ᠡ᠂ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠶᠢᠨ ᠠᠵᠢᠯᠲᠠᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠪᠦᠷᠢᠯᠳᠦᠯ ᠪᠠ ᠬᠥᠭᠵᠢᠯᠲᠡ ᠶᠢᠨ ᠶᠠᠪᠤᠴᠠ ᠶᠢ ᠪᠦᠬᠦ ᠲᠠᠯ᠎ᠠ ᠪᠠᠷ ᠲᠠᠨᠢᠯᠴᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠠᠩᠨᠠᠭᠤᠯ ᠢ ᠡᠰᠡᠷᠭᠦᠴᠡᠬᠦ ᠬᠠᠤᠯᠢ︾᠎ ᠪᠠᠷ ᠭᠤᠣᠯᠳᠠᠯᠭ᠎ᠠ ᠪᠣᠯᠭᠠᠵᠤ᠂ ᠲᠠᠩᠨᠠᠭᠤᠯ ᠤᠨ ᠦᠢᠯᠡ ᠠᠵᠢᠯᠯᠠᠭ᠎ᠠ᠂ ᠲᠠᠩᠨᠠᠭᠤᠯ ᠤᠨ ᠲᠦᠷᠦ ᠶᠢᠨ ᠪᠤᠳᠤᠯᠭ᠎ᠠ ᠨᠢ ᠨᠡᠪᠴᠢᠯᠲᠡ ᠶᠢ ᠡᠰᠡᠷᠭᠦᠴᠡᠬᠦ ᠵᠡᠷᠭᠡ ᠠᠷᠭ᠎ᠠ ᠪᠠᠷᠢᠯ᠂ ᠣᠳᠣᠬᠠᠨ ᠤ ᠮᠠᠨ ᠤ ᠤᠯᠤᠰ ᠲᠤ ᠲᠤᠯᠭᠠᠷᠠᠵᠤ ᠪᠠᠶᠢᠭ᠎ᠠ ᠤᠯᠤᠰ ᠤᠨ ᠠᠮᠤᠷ ᠲᠦᠪᠰᠢᠨ ᠤ ᠪᠠᠶᠢᠳᠠᠯ ᠪᠠ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠰᠢᠷᠢᠰ ᠪᠠᠶᠢᠷᠢᠯᠠᠭᠤᠯᠤᠯᠲᠠ ᠵᠡᠷᠭᠡ ᠭᠤᠷᠪᠠᠨ ᠲᠠᠯ᠎ᠠ ᠪᠠᠷ ᠶᠠᠷᠢᠵᠤ᠂ ᠶᠡᠭᠡ ᠬᠡᠮᠵᠢᠶᠡᠨ ᠤ ᠦᠨᠡᠨ ᠪᠣᠳᠠᠲᠠᠢ ᠲᠤᠭ᠎ᠠ ᠪᠠᠷᠢᠮᠲᠠ ᠪᠠ ᠠᠮᠢᠳᠤᠯᠢᠭ ᠪᠣᠳᠠᠲᠠᠢ ᠬᠡᠷᠡᠭ ᠤᠨ ᠵᠢᠱᠢᠶ᠎ᠡ ᠪᠠᠷ ᠳᠠᠮᠵᠢᠭᠤᠯᠤᠨ ᠤᠯᠤᠰ ᠤᠨ ᠠᠮᠤᠷ ᠲᠦᠪᠰᠢᠨ ᠤ ᠰᠢᠰᠲ᠋ᠧᠮ ᠤᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠶᠢᠯᠪᠤᠷᠢᠯᠠᠵᠤ᠂ ᠪᠣᠯᠪᠠᠰᠤᠷᠠᠯ ᠳᠤ ᠣᠷᠣᠯᠴᠠᠭᠰᠠᠳ ᠤᠨ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠵᠥᠪ ᠣᠶᠢᠯᠠᠭᠠᠬᠤ ᠪᠠ ᠪᠦᠬᠦ ᠲᠠᠯ᠎ᠠ ᠪᠠᠷ ᠡᠵᠡᠮᠳᠡᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ ᠪᠣᠯᠭᠠᠬᠤ ᠳᠤ ᠮᠠᠰᠢ ᠴᠢᠩᠭ᠎ᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃    ᠤᠯᠤᠰ ᠤᠨ ᠠᠮᠤᠷ ᠲᠦᠪᠰᠢᠨ ᠤ ᠠᠵᠢᠯ ᠪᠣᠯ ᠲᠦᠷᠦ ᠶᠢ ᠲᠦᠪᠰᠢᠳᠭᠡᠬᠦ ᠶᠢᠨ ᠴᠢᠬᠤᠯᠠ ᠰᠠᠭᠤᠷᠢ ᠮᠥᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠤᠯᠤᠰ ᠤᠨ ᠠᠮᠤᠷ ᠲᠦᠪᠰᠢᠨ ᠤ ᠴᠢᠳᠠᠪᠤᠷᠢ ᠶᠢ ᠴᠢᠩᠭᠠᠳᠬᠠᠬᠤ ᠨᠢ ᠤᠯᠤᠰ ᠤᠨ ᠠᠮᠤᠷ ᠲᠦᠪᠰᠢᠨ ᠤ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠤᠯᠤᠰ ᠤᠨ ᠠᠮᠤᠷ ᠲᠦᠪᠰᠢᠨ ᠪᠣᠯ ᠠᠷᠠᠳ ᠢᠷᠭᠡᠨ ᠨᠢᠭᠡᠪᠦᠷᠢ ᠲᠠᠢ ᠬᠤᠯᠪᠣᠭᠳᠠᠨ᠎ᠠ᠂ ᠤᠳᠤᠷᠢᠳᠬᠤ ᠺᠠᠳ᠋ᠷ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠤᠯᠤᠰ ᠤᠨ ᠠᠮᠤᠷ ᠲᠦᠪᠰᠢᠨ ᠤ ᠲᠤᠬᠠᠢ ᠰᠢᠨ᠎ᠡ ᠱᠠᠭᠠᠷᠳᠠᠯᠭ᠎ᠠ᠂ ᠰᠢᠨ᠎ᠡ ᠪᠠᠶᠢᠷᠢᠯᠠᠭᠤᠯᠤᠯᠲᠠ ᠶᠢ ᠦᠨᠡᠨ ᠬᠦ ᠰᠤᠷᠤᠯᠴᠠᠨ ᠣᠶᠢᠯᠠᠭᠠᠵᠤ᠂ ᠠᠵᠢᠯ ᠤᠨ ᠳᠤᠮᠳᠠ ᠪᠠᠨ ᠦᠢᠯᠡᠳᠦᠯᠭᠡᠵᠢᠭᠦᠯᠦᠨ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠪᠣᠯ ᠳᠠᠷᠤᠢ ᠠᠵᠢᠯ ᠲᠦᠷᠦᠯ᠂ ᠨᠢᠭᠡᠴᠢ ᠨᠢᠭᠡᠪᠦᠷᠢ᠂ ᠬᠥᠮᠦᠨ ᠨᠢᠭᠡᠪᠦᠷᠢ ᠶᠢᠨ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠠᠪᠤᠳᠠᠯ ᠪᠣᠯᠬᠤ ᠶᠢ ᠴᠠᠭ ᠢᠮᠠᠭᠲᠠ ᠪᠠᠲᠤ ᠴᠡᠭᠡᠵᠢᠯᠡᠵᠦ᠂ ᠤᠯᠠᠨ ᠲᠦᠮᠡᠨ ᠢ ᠢᠳᠡᠪᠬᠢᠲᠡᠢ ᠪᠠᠷ ᠬᠦᠳᠦᠯᠦᠨ ᠵᠢᠯᠣᠭᠤᠳᠴᠤ ᠪᠠᠶᠢᠭᠠᠳ ᠰᠣᠨᠣᠷ ᠰᠡᠷᠡᠮᠵᠢ ᠶᠢ ᠨᠢ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠣᠯᠤᠨ ᠴᠢᠳᠠᠪᠤᠷᠢ ᠶᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠬᠡᠷᠡᠭᠲᠡᠢ᠃    ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠰᠤᠷᠤᠯᠴᠠᠯᠭ᠎ᠠ ᠳᠤ ᠬᠠᠷᠠᠭ᠎ᠠ ᠪᠠᠨ ᠥᠷᠭᠡᠳᠬᠡᠵᠦ᠂ ᠮᠡᠳᠡᠯᠭᠡ ᠪᠠᠨ ᠨᠡᠮᠡᠭᠳᠡᠭᠦᠯᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠮᠤᠷ ᠲᠦᠪᠰᠢᠨ ᠤ ᠪᠠᠶᠢᠳᠠᠯ ᠳᠤ ᠰᠢᠨ᠎ᠡ ᠣᠶᠢᠯᠠᠭᠠᠯᠲᠠ ᠲᠠᠢ ᠪᠣᠯᠵᠣ᠂ ᠬᠤᠶᠢᠰᠢᠳᠠ ᠶᠢᠨ ᠠᠵᠢᠯ ᠤᠨ ᠳᠤᠮᠳᠠ ᠪᠠᠨ ᠠᠵᠢᠯ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠴᠢᠩᠭ᠎ᠠ ᠰᠠᠬᠢᠵᠤ᠂ ᠤᠯᠤᠰ ᠤᠨ ᠨᠢᠭᠤᠴᠠ ᠶᠢ ᠬᠠᠮᠠᠭᠠᠯᠠᠬᠤ ᠰᠠᠶᠢᠨ ᠳᠠᠳᠬᠠᠯ ᠲᠠᠢ ᠪᠣᠯᠵᠣ᠂ ᠲᠠᠩᠨᠠᠭᠤᠯ ᠢ ᠡᠰᠡᠷᠭᠦᠴᠡᠬᠦ ᠤᠬᠠᠮᠰᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠥᠪᠡᠷ ᠤᠨ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号