ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 91 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/23
      10 ᠰᠠᠷ᠎ᠠ ᠶᠢᠨ 20 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 91 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠢ ᠳᠤ ᠰᠢᠨᠵᠢᠯᠡᠨ ᠪᠠᠶᠢᠴᠠᠭᠠᠬᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠭᠤᠣᠯ ᠵᠣᠷᠢᠯᠲᠠᠲᠤ ᠶᠠᠷᠢᠶ᠎ᠠ᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠭᠤᠣᠯᠳᠠᠯᠭ᠎ᠠ ᠲᠠᠢ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠥᠪᠯᠡᠷᠡᠭᠦᠯᠦᠨ ᠪᠠᠶᠢᠷᠢᠯᠠᠭᠤᠯᠵᠤ ᠠᠬᠢᠭᠤᠯᠤᠭᠰᠠᠨ ᠪᠠᠶᠢᠳᠠᠯ ᠢ ᠨᠢ ᠤᠯᠠᠮᠵᠢᠯᠠᠨ ᠰᠤᠷᠤᠯᠴᠠᠵᠤ᠂ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠳᠤᠷᠢᠳᠬᠤ ᠪᠠᠭ ᠲᠤ ᠬᠠᠷᠢᠭᠤ ᠲᠤᠰᠬᠠᠭᠰᠠᠨ ᠰᠠᠨᠠᠯ ᠢ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠠᠬᠢᠴᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ︵ᠬᠦᠷᠭᠡᠨ ᠬᠢᠨᠠᠭᠤᠯᠬᠤ ᠨᠤᠤᠷᠠᠭ︶︾᠂  ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠵᠤ ᠲᠥᠪᠯᠡᠷᠡᠭᠦᠯᠦᠨ ᠴᠡᠭᠴᠡᠯᠡᠨ ᠰᠠᠶᠢᠵᠢᠷᠠᠭᠤᠯᠤᠭᠰᠠᠨ ᠬᠤᠭᠤᠴᠠᠭᠠᠨ ᠳᠠᠬᠢ ᠨᠡᠶᠢᠲᠡᠯᠢᠭ ᠵᠢᠱᠢᠶ᠎ᠡ ᠪᠣᠯᠤᠨ ᠬᠦᠴᠢᠷ ᠠᠰᠠᠭᠤᠳᠠᠯ ᠵᠡᠷᠭᠡ ᠶᠢ ᠰᠤᠳᠤᠯᠤᠨ ᠬᠢᠨᠠᠨ ᠵᠥᠪᠯᠡᠪᠡ᠃      ᠰᠦᠨ ᠬᠤᠤ᠂ ᠡᠯ᠎ᠡ ᠨᠢᠭᠡᠴᠢ ᠰᠠᠯᠠᠭ᠎ᠠ ᠮᠥᠴᠢᠷ ᠤᠨ ᠬᠢᠨ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠠᠴᠠ ᠥᠪᠥᠷ ᠮᠣᠩᠭᠤᠯ ᠳᠤ ᠲᠤᠰᠢᠶᠠᠭᠰᠠᠨ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠬᠡᠷᠡᠭᠲᠡᠢ︔ ᠤᠬᠠᠭᠤᠯᠭ᠎ᠠ ᠶᠢᠨ ᠠᠵᠢᠯ ᠢ ᠰᠠᠶᠢᠲᠤᠷ ᠠᠳᠬᠤᠵᠤ᠂ ᠬᠠᠶᠢᠷᠤᠪ ᠤᠨ ᠲᠤᠬᠤᠢ ᠲᠣᠭᠤᠷᠢᠭ ᠲᠤ ᠰᠤᠷᠤᠯᠴᠠᠯᠭ᠎ᠠ ᠶᠢᠨ ᠬᠠᠯᠠᠭᠤᠨ ᠥᠷᠨᠢᠯᠲᠡ ᠭᠠᠷᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠥᠷᠭᠡᠨ ᠢᠶᠠᠷ ᠮᠡᠳᠡᠭᠦᠯᠬᠦ ᠬᠡᠷᠡᠭᠲᠡᠢ︔ ᠢᠲᠡᠭᠡᠯ ᠵᠣᠷᠢᠭ ᠢᠶᠠᠨ ᠬᠥᠪᠴᠢᠯᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠦᠴᠢᠷ ᠪᠡᠷᠬᠡᠰᠢᠶᠡᠯ ᠪᠠ ᠠᠰᠠᠭᠤᠳᠠᠯ ᠳᠤ ᠬᠠᠨᠳᠤᠵᠤ᠂ ᠬᠠᠷᠠᠯᠲᠠ ᠪᠠᠨ ᠵᠣᠷᠢᠭᠲᠠᠢ ᠪᠠᠷ ᠪᠡᠶᠡᠯᠡᠭᠦᠯᠬᠦ ᠬᠡᠷᠡᠭᠲᠡᠢ︔ ᠠᠵᠢᠯ ᠤᠨ ᠳᠤᠮᠳᠠ ᠪᠠᠨ ᠲᠦᠷᠢᠮ ᠲᠣᠭᠲᠠᠭᠠᠯ ᠲᠣᠭᠲᠠᠭᠠᠵᠤ᠂ ᠲᠦᠷᠢᠮ ᠲᠣᠭᠲᠠᠴᠠ ᠪᠠᠷ ᠠᠵᠢᠯ ᠢᠶᠠᠨ ᠠᠬᠢᠭᠤᠯᠵᠤ᠂ ᠥᠭᠡᠷᠡᠴᠢᠯᠡᠯᠲᠡ ᠶᠢᠨ ᠬᠦᠴᠦᠷᠬᠡᠭ ᠶᠡᠭᠡ ᠳᠣᠲᠣᠭᠠᠳᠤ ᠬᠥᠳᠡᠯᠭᠡᠬᠦ ᠬᠦᠴᠦᠨ ᠢ ᠪᠦᠷᠢᠯᠳᠦᠭᠦᠯᠬᠦ ᠬᠡᠷᠡᠭᠲᠡᠢ︔ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠦᠬᠦ ᠡᠯᠧᠮᠧᠨ᠋ᠲ ᠢ ᠪᠦᠬᠦ ᠲᠠᠯ᠎ᠠ ᠪᠠᠷ ᠵᠠᠰᠠᠬᠤ ᠪᠠᠶᠢᠷᠢᠰᠢᠯ ᠪᠠ ᠠᠮᠢ ᠠᠬᠤᠢ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠵᠤ᠂ ᠰᠢᠨ᠎ᠡ ᠬᠠᠭᠤᠴᠢᠨ ᠡᠨᠧᠷᠭᠢ ᠶᠢᠨ ᠶᠡᠷᠦᠩᠬᠡᠢ ᠬᠡᠮᠵᠢᠶᠡᠨ ᠤ ᠨᠡᠶᠢᠯᠡᠯ ᠤᠨ ᠳᠠᠪᠠᠭᠤᠯᠢᠭ ᠢ ᠪᠠᠳᠠᠷᠠᠭᠤᠯᠵᠤ᠂ ᠬᠡᠦᠷᠰᠢᠭᠦᠯᠬᠦ᠂ ᠠᠭᠤᠷᠬᠠᠢ ᠶᠢᠨ ᠡᠷᠬᠡ ᠶᠢ ᠨᠡᠶᠢᠳᠬᠡᠵᠦ ᠳᠠᠬᠢᠨ ᠵᠣᠬᠢᠶᠠᠨ ᠪᠠᠶᠢᠭᠤᠯᠬᠤ ᠪᠠ ᠨᠡᠭᠦᠷᠡᠰᠦ ᠤᠬᠢᠶᠠᠵᠤ ᠰᠣᠩᠭᠤᠬᠤ ᠠᠵᠢᠯ ᠲᠦᠷᠦᠯ ᠤᠨ ᠡᠭᠴᠡᠯᠡᠨ ᠨᠢᠭᠡᠳᠬᠦ ᠶᠢ ᠲᠦᠷᠭᠡᠳᠬᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠬᠡᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号