︽ᠳᠤᠮᠳᠠᠳᠤ ᠤᠯᠤᠰ ᠤᠨ ᠠᠷᠠᠳ ᠤᠨ ᠶᠠᠪᠤᠳᠠᠯ︾᠎ ᠤᠨ ᠰᠤᠷᠪᠤᠯᠵᠢᠯᠠᠭᠴᠢ ᠦᠬᠠᠶ ᠬᠤᠲᠠ ᠪᠣᠯᠤᠨ ᠬᠠᠶᠢᠷᠤᠪ ᠤᠨ ᠲᠣᠬᠤᠢ ᠲᠣᠭᠤᠷᠢᠭ ᠤᠨ ᠨᠠᠰᠤᠵᠢᠯ ᠤᠨ ᠠᠵᠢᠯ ᠢ ᠲᠤᠰᠬᠠᠶ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/10/24
       ᠨᠠᠰᠤᠵᠢᠯ ᠤᠨ ᠠᠰᠠᠷᠠᠮᠵᠢ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠠᠵᠢᠯ ᠤᠨ ᠲᠤᠷᠰᠢᠯᠭ᠎ᠠ ᠠᠷᠭ᠎ᠠ ᠬᠢᠳᠡᠯ ᠢ ᠪᠥᠬᠦ ᠲᠠᠯ᠎ᠠ ᠪᠠᠷ ᠤᠬᠠᠭᠤᠯᠤᠨ ᠮᠡᠳᠡᠭᠡᠯᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠤᠷᠢᠯᠭ᠎ᠠ ᠪᠠᠷ᠂ ᠣᠶᠢᠷ᠎ᠠ ᠳᠤ᠂ ︽ᠳᠤᠮᠳᠠᠳᠤ ᠤᠯᠤᠰ ᠤᠨ ᠠᠷᠠᠳ ᠤᠨ ᠶᠠᠪᠤᠳᠠᠯ︾ ᠰᠡᠳᠬᠦᠯ ᠤᠨ ᠬᠤᠷᠢᠶᠠᠨ ᠤ ᠰᠤᠷᠪᠤᠯᠵᠢᠯᠠᠭᠴᠢ ᠬᠠᠶᠢᠷᠤᠪ ᠤᠨ ᠲᠣᠬᠤᠶ ᠲᠣᠭᠤᠷᠢᠭ ᠲᠤ ᠬᠦᠷᠴᠦ ᠰᠤᠷᠪᠤᠯᠵᠢᠯᠠᠬᠤ ᠠᠵᠢᠯ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠭᠠᠵᠠᠷ ᠤᠨ ᠳᠡᠳ᠋ ᠳᠠᠷᠤᠭ᠎ᠠ ᠸᠠᠩ ᠲᠢᠶᠠᠨ ᠵᠢᠶᠦ᠋ᠨ᠂ ᠦᠬᠠᠶ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠭᠦᠸᠧ ᠵᠧᠨ ᠯᠢᠶᠠᠨ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠨᠠᠰᠤᠵᠢᠯ ᠤᠨ ᠠᠰᠠᠷᠠᠮᠵᠢ ᠶᠢᠨ ᠨᠢᠭᠦᠯᠡᠰᠦᠩᠭᠦᠶ ᠶᠢᠨ ᠰᠠᠯᠠᠭᠠᠨ ᠤ ᠳᠠᠷᠤᠭ᠎ᠠ᠂ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ ᠵᠡᠷᠭᠡ ᠤᠳᠤᠷᠢᠳᠤᠯᠭ᠎ᠠ ᠪᠠᠷ᠎ᠠ ᠪᠣᠯᠵᠤ ᠰᠤᠷᠪᠤᠯᠵᠢᠯᠠᠪᠠ᠃      ᠲᠣᠰ ᠤᠳᠠᠭᠠᠨ ᠤ ᠰᠤᠷᠪᠤᠯᠵᠢᠯᠠᠭ᠎ᠠ ᠶᠢᠨ ᠠᠵᠢᠯ ᠳᠤ᠂ ︽ᠳᠤᠮᠳᠠᠳᠤ ᠤᠯᠤᠰ ᠤᠨ ᠠᠷᠠᠳ ᠤᠨ ᠶᠠᠪᠤᠳᠠᠯ︾ ᠰᠡᠳᠬᠦᠯ ᠤᠨ ᠳᠤᠭᠤᠶᠢᠯᠠᠩ ᠤᠨ ᠰᠤᠷᠪᠤᠯᠵᠢᠯᠠᠭᠴᠢ ᠬᠤᠲᠠ ᠲᠣᠭᠤᠷᠢᠭ ᠤᠨ ᠬᠤᠶᠠᠷ ᠱᠠᠲᠤᠨ ᠤ ᠣᠶᠤᠨᠴᠢ ᠨᠠᠰᠤᠵᠢᠯ ᠤᠨ ᠠᠰᠠᠷᠠᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠥᠪ ᠤᠨ ᠲᠣᠮᠣ ᠳ᠋ᠠᠶᠢᠲ᠋ᠠ ᠶᠢᠨ ᠬᠢᠨᠠᠯᠲᠠ ᠬᠠᠮᠢᠶᠠᠷᠤᠯᠲᠠ᠂ ᠬᠠᠶᠢᠷᠤᠪ ᠤᠨ ᠲᠣᠬᠤᠢ ᠲᠣᠭᠤᠷᠢᠭ ᠤᠨ ᠢ ᠾᠧ᠂ ᠲᠠᠶᠢᠵᠢ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠴᠠ ᠡᠮ ᠡᠮᠨᠡᠯᠭᠡ ᠶᠢᠨ ᠲᠤᠰᠠᠯᠠᠮᠵᠢ ᠰᠤᠪᠢᠯᠠᠯᠲᠠ ᠶᠢᠨ ᠵᠠᠭᠪᠤᠷ ᠂ ᠬᠠᠶᠢᠷᠤᠪ ᠤᠨ ᠲᠣᠬᠤᠢ ᠲᠣᠭᠤᠷᠢᠭ ᠤᠨ ᠬᠠᠶᠢᠪᠸᠢ ᠵᠡᠭᠡᠯᠢ ᠭᠤᠳᠤᠮᠵᠢ ᠶᠢᠨ ᠱᠢ ᠴᠧᠩ ᠨᠡᠶᠢᠭᠡᠮ ᠲᠣᠭᠤᠷᠢᠭ ᠤᠨ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠨᠠᠰᠤᠲᠠᠶᠢᠴᠤᠳ ᠤᠨ ᠲᠥᠪ ᠤᠨ ᠲᠣᠭᠤᠭᠠᠨ ᠭᠡᠷ ᠤᠨ ᠬᠤᠭᠤᠯᠠ ᠲᠤᠰᠠᠯᠠᠬᠤ ᠨᠥᠬᠦᠪᠥᠷᠢ ᠵᠢᠴᠢ ᠪᠣᠬᠢᠷᠲᠤᠯ ᠦᠭᠡᠢ ᠢᠳᠡᠭᠡᠨ ᠤ ᠬᠠᠩᠭᠠᠯᠭ᠎ᠠ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠤᠷᠠᠨ ᠪᠢᠴᠢᠯᠭᠡ ᠶᠢᠨ ᠰᠣᠶᠣᠯ ᠤᠨ ᠠᠭᠤᠰᠤᠯᠴᠠᠯ ᠵᠡᠷᠭᠡ ᠣᠨᠴᠠᠯᠢᠭᠲᠤ ᠬᠢᠯᠠᠰ ᠴᠡᠭ ᠤᠨ ᠠᠵᠢᠯ ᠢ ᠨᠢ ᠨᠠᠷᠢᠨ ᠣᠶᠢᠯᠠᠭᠠᠪᠠ᠃      ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠲᠠᠶᠢᠴᠤᠳ ᠤᠨ ᠴᠢᠨᠠᠷ ᠰᠠᠶᠢᠲᠠᠢ ᠠᠮᠢᠳᠤᠷᠠᠯ ᠢ ᠪᠡᠶᠡᠯᠡᠭᠦᠯᠬᠦ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢᠨ ᠣᠶᠤᠨᠴᠢ ᠦᠢᠯᠡᠴᠢᠯᠡᠭᠡ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠢᠳᠡᠪᠬᠢᠲᠡᠢ ᠲᠡᠭᠦᠯᠳᠡᠷᠵᠢᠭᠦᠯᠵᠦ᠂ ᠬᠤᠳᠠ ᠶᠢᠨ ︽ᠨᠢᠭᠡ ᠮᠦᠴᠡᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ︾᠎ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠤᠷᠢᠳᠠᠪᠠᠷ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠦᠨ᠎ᠡ᠃      ᠲᠠᠷᠠᠭᠠᠴᠢ ᠶᠢᠨ ᠠᠯᠬᠤᠮ ᠳᠤ᠂ ᠮᠠᠨ ᠤ ᠲᠤᠭᠤᠷᠢᠭ ᠪᠠᠶᠢᠷᠢᠰᠢᠭᠤᠯᠤᠯᠲᠠ ᠲᠡᠭᠦᠯᠳᠡᠷ᠂ ᠴᠢᠳᠠᠮᠵᠢ ᠶᠢ ᠬᠠᠷᠢᠯᠴᠠᠨ ᠨᠥᠬᠦᠪᠥᠷᠢᠯᠡᠬᠦ᠂ ᠨᠢᠭᠡᠳᠦᠯᠲᠡᠶ ᠲᠥᠯᠥᠪᠯᠡᠨ ᠵᠣᠯᠭᠠᠭᠤᠯᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠦᠷᠢᠯᠳᠦᠭᠦᠯᠬᠦ ᠶᠢ ᠦᠷᠭᠦᠯᠵᠢᠯᠡᠨ ᠲᠦᠷᠭᠡᠳᠬᠡᠨ ᠠᠬᠢᠭᠤᠯᠵᠤ᠂ ︽ᠬᠡᠷ ᠲᠡᠭᠡᠨ ᠰᠠᠭᠤᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠮᠤᠵᠢ ᠶᠢᠨ ᠱᠠᠲᠤᠨ ᠤ ᠥᠯᠢᠭᠡᠷ ᠳᠠᠭᠤᠷᠢᠶᠠᠯ ᠢ ᠪᠣᠶ ᠪᠣᠯᠭᠠᠬᠤ᠂ ᠬᠤᠭᠤᠯᠠ ᠲᠤᠰᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ︾ ᠵᠡᠷᠭᠡ ᠠᠵᠢᠯ ᠢ ᠦᠷᠭᠦᠯᠵᠢᠯᠡᠨ ᠰᠠᠶᠢᠲᠤᠷ ᠠᠳᠬᠤᠨ ᠨᠠᠶᠢᠳᠠᠪᠤᠷᠢᠵᠢᠭᠤᠯᠵᠤ᠂ ᠨᠠᠰᠤᠲᠠᠶᠢᠴᠤᠳ ᠲᠤ ︽ᠡᠮᠴᠢᠯᠡᠭᠡ᠂ ᠰᠤᠪᠢᠯᠠᠯᠲᠠ᠂ ᠡᠷᠡᠭᠦᠯᠵᠢᠯ᠂ ᠢᠳᠡᠭᠡᠨ᠂ ᠵᠤᠭ᠎ᠠ ᠴᠡᠩᠭᠡᠯ᠂ ᠰᠤᠷᠤᠯᠴᠠᠯᠭ᠎ᠠ︾ ᠵᠡᠷᠭᠡ ᠣᠯᠠᠨ ᠡᠰᠢᠵᠢᠭᠰᠡᠨ᠂ ᠲᠥᠷᠥᠯ ᠰᠠᠳᠤᠨ ᠤ ᠰᠡᠳᠬᠢᠯᠭᠡᠵᠢᠭᠰᠡᠨ᠂ ᠲᠤᠰᠬᠠᠶᠢᠵᠢᠭᠰᠠᠨ᠂ ᠵᠦᠷᠢᠶᠡᠴᠢᠯᠡᠭᠰᠡᠨ᠂ ᠨᠠᠷᠢᠯᠢᠬᠵᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠪᠣᠳᠠᠰ ᠤᠨ ᠣᠶᠤᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠨᠢ‌ᠨᠠᠩ ᠰᠠᠶᠢᠲᠤᠷ ᠬᠠᠩᠭᠠᠨ᠎ᠠ᠃     
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号