ᠬᠠᠶᠢᠷᠤᠪ ᠤᠨ ᠲᠤᠬᠤᠢ ᠶᠢᠨ ᠪᠠᠰᠠ ᠨᠢᠭᠡᠨ ᠭᠤᠣᠯᠳᠠᠯᠭ᠎ᠠ ᠲᠠᠢ ᠲᠦᠷᠦᠯ ᠵᠦᠢᠯ ᠤᠨ ᠭᠡᠷ᠎ᠡ ᠲᠤᠭᠲᠠᠪᠠ
ᠨᠡᠶᠢᠲᠡᠯᠡᠭᠰᠡᠨ ᠴᠠᠭ᠄
2023/10/24
      10 ᠰᠠᠷ᠎ᠠ ᠶᠢᠨ 22᠎ ᠤᠨ ᠡᠳᠦᠷ᠂ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠴᠢᠩ ᠲᠤᠤ ︵ᠺᠦᠨᠱᠠᠨ︶ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠵᠤ ᠪᠡᠯᠡ ᠣᠷᠣᠭᠤᠯᠬᠤ ᠬᠡᠯᠡᠯᠴᠡᠭᠡᠷ ᠲᠣᠭᠲᠠᠵᠠᠢ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ᠂ ᠬᠤᠳᠠ ᠶᠢᠨ ᠵᠠᠰᠠᠭ ᠤᠨ ᠣᠷᠳᠣᠨ ᠤ ᠳᠡᠳ᠋ ᠬᠤᠳᠠ ᠶᠢᠨ ᠳᠠᠷᠤᠭ᠎ᠠ ᠭᠤᠤ ᠪᠥᠸᠧ ᠵᠡᠷᠭᠡ ᠬᠤᠳᠠ ᠶᠢᠨ ᠤᠳᠤᠷᠢᠳᠤᠯᠭ᠎ᠠ ᠵᠢᠴᠢ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠼᠦᠢ ᠬᠤᠩ ᠪᠥᠸᠧ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃      ᠲᠤᠰ ᠤᠳᠠᠭ᠎ᠠ ᠶᠢᠨ ᠪᠡᠯᠡ ᠣᠷᠣᠭᠤᠯᠤᠯᠲᠠ ᠶᠢᠨ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ ᠶᠤᠮ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 70 ᠳ᠋ᠦᠩᠰᠢᠭᠤᠷ ᠲᠥᠭᠦᠷᠢᠭ ᠪᠠᠶᠢᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠲᠡᠭ ᠨᠡᠭᠦᠷᠡᠰᠦᠲᠥ᠋ᠷᠥᠭᠴᠢᠲᠦ ᠤᠶᠢᠯᠡᠳᠤᠭ᠍ᠰᠡᠨ 5 ᠲᠦᠮᠡᠨ ᠲᠣᠨ ᠬᠠᠲᠠᠭᠤ ᠲᠦᠯᠦᠪᠲᠦ ᠳ᠋ᠢᠶᠠᠨ ᡂᠢ ᠶᠢᠨ ᠲᠤᠰᠬᠠᠶ ᠬᠡᠷᠡᠭᠯᠡᠭᠡᠨ ᠤ ᠡᠶᠡᠷᠭᠦ ᠲᠦᠢᠯ ᠤᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠵᠢᠴᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠶᠢᠯᠡᠳᠤᠭ᠍ᠰᠡᠨ 10GWh ᠬᠠᠲᠠᠭᠤ ᠲᠦᠯᠦᠪᠲᠦ ᠳ᠋ᠢᠶᠠᠨ ᡂᠢ ᠶᠢᠨ ᠴᠠᠬᠢᠯᠭᠠᠨ ᠭᠤᠣᠯ ᠵᠢᠴᠢ PACK ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠨ᠎ᠠ᠃ ᠰᠢᠨ᠎ᠡ ᠬᠡᠯᠪᠡᠷᠢ ᠶᠢᠨ ᠬᠠᠲᠠᠭᠤ ᠪᠡᠶᠡᠲᠦ ᠬᠥᠳᠡᠯᠭᠡᠬᠦ ᠬᠦᠴᠦᠨ ᠤ ᠳ᠋ᠢᠶᠠᠨ ᡂᠢ ᠵᠢᠴᠢ ᠡᠨᠧᠷᠭᠢ ᠬᠠᠳᠠᠭᠠᠯᠠᠬᠤ ᠠᠵᠤ ᠦᠢᠯᠡᠰ ᠤᠨ ᠬᠥᠭᠵᠢᠯᠲᠡ ᠵᠢᠴᠢ ᠥᠪᠥᠷ ᠮᠣᠩᠭᠤᠯ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠰᠦᠨ ᠬᠤᠤ᠂ ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠴᠢᠩ ᠲᠤᠤ ︵ᠺᠦᠨᠱᠠᠨ︶ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠤᠷᠤᠭᠰᠢᠲᠠᠢ ᠪᠠᠷ ᠭᠡᠷ᠎ᠡ ᠲᠣᠭᠲᠠᠬᠤ ᠪᠣᠯ ᠨᠢᠭᠡᠨ ᠲᠤᠮᠤ ᠶᠠᠪᠤᠳᠠᠯ ᠪᠣᠯᠤᠨ᠎ᠠ᠂ ᠬᠠᠶᠢᠷᠤᠪ ᠤᠨ ᠲᠤᠬᠤᠢ ᠲᠣᠭᠤᠷᠢᠭ ᠤᠨ ᠪᠠᠶᠢᠷᠢ ᠳᠠᠪᠠᠭᠤᠯᠢᠭ ᠢᠯᠡᠷᠬᠡᠢ᠂ ᠴᠢᠩ ᠲᠤᠤ ︵ᠺᠦᠨᠱᠠᠨ︶ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠣᠷᠣᠯᠴᠠᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠡᠨᠧᠷᠭᠢ ᠶᠢᠨ ᠪᠦᠲᠦᠴᠡ ᠶᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠨᠡᠩ ᠰᠠᠶᠢᠲᠤᠷ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠵᠦ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠰᠢᠨ᠎ᠡ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ᠃      ᠭᠡᠷ᠎ᠡ ᠲᠣᠭᠲᠠᠬᠤ ᠶᠣᠰᠣᠯᠠᠯ ᠤᠨ ᠲᠠᠷᠠᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠴᠢᠩ ᠲᠤᠤ ︵ᠺᠦᠨᠱᠠᠨ︶ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠪᠠᠰᠠ ᠬᠠᠮᠲᠤᠷᠠᠯᠴᠠᠭᠠᠨ ᠤ ᠨᠥᠬᠦᠪᠥᠷᠢ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号