ᠲᠤᠰᠬᠠᠢ ᠰᠤᠷᠪᠤᠯᠵᠢᠯᠠᠭ᠎ᠠ︕ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠤᠲᠠᠰᠤ ᠪᠠᠷ ᠶᠡᠭᠡ ᠬᠤᠷᠠᠯ ᠳᠤ ᠣᠷᠣᠯᠴᠠᠭᠰᠠᠨ ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠸᠠᠩ ᠵᠢᠤᠸᠠᠨ ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/10/25
      10 ᠰᠠᠷ᠎ᠠ ᠶᠢᠨ 23᠎ ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠦᠪᠡᠳᠡᠭᠰᠢ ᠶᠡᠭᠡ ᠪᠠᠷ ᠡᠬᠢᠯᠡᠵᠦ᠂ ᠬᠠᠶᠢᠷᠤᠪ ᠤᠨ ᠲᠤᠬᠤᠢ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠤᠲᠠᠰᠤ ᠪᠠᠷ ᠶᠡᠭᠡ ᠬᠤᠷᠠᠯ ᠳᠤ ᠣᠷᠣᠯᠴᠠᠭᠰᠠᠨ ᠬᠠᠶᠢᠷᠤᠪ ᠤᠨ ᠲᠤᠬᠤᠢ ᠲᠣᠭᠤᠷᠢᠭ ᠤᠨ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠸᠠᠩ ᠵᠢᠤᠸᠠᠨ ᠢ ᠰᠤᠷᠪᠤᠯᠵᠢᠯᠠᠪᠠ᠃      ᠸᠠᠩ ᠵᠢᠦᠸᠠᠨ ᠰᠤᠷᠪᠤᠯᠵᠢᠯᠠᠭᠴᠢ ᠳᠤ ᠬᠡᠯᠡᠬᠦ ᠳᠡᠭᠡᠨ᠄ ᠳᠤᠮᠳᠠᠳᠤ ᠤᠯᠤᠰ ᠤᠨ ᠡᠮᠡᠭᠲᠡᠶᠢᠴᠦᠳ ᠤᠨ ᠠᠷᠪᠠᠨ ᠭᠤᠷᠪᠠᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠳᠠᠭᠠᠨ ᠮᠠᠰᠢ ᠠᠵᠠ ᠲᠠᠢ ᠪᠠᠶᠢᠨ᠎ᠠ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠪᠣᠯᠤᠭᠰᠠᠨ ᠤ ᠬᠤᠪᠢ ᠳᠤ ᠦᠪᠡᠳᠡᠭᠰᠢ ᠶᠡᠭᠡ ᠬᠤᠷᠠᠯ ᠳᠤ ᠣᠷᠣᠯᠴᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃      ᠬᠤᠶᠢᠰᠢᠳᠠ ᠶᠢᠨ ᠠᠵᠢᠯ ᠤᠨ ᠳᠤᠮᠳᠠ᠂ ᠡᠭᠡᠴᠢ ᠥᠬᠢᠨ ᠳᠡᠭᠦᠤ ᠶᠢᠨ ᠢᠲᠡᠭᠡᠵᠦ ᠪᠠᠶᠢᠭ᠎ᠠ ︽ᠲᠥᠷᠬᠦᠮ ᠤᠨ ᠬᠥᠮᠥᠨ︾ ᠪᠣᠯᠤᠭᠰᠠᠨ ᠤ ᠬᠤᠪᠢ ᠳᠤ᠂ ᠪᠢ ᠡᠮᠡᠭᠲᠡᠶᠢᠴᠦᠳ ᠢ ᠬᠥᠲᠥᠯᠥᠨ ᠳᠠᠭᠠᠭᠤᠯᠵᠤ ᠡᠮᠡᠭᠲᠡᠶᠢᠴᠦᠳ ᠤᠨ ᠢᠲᠡᠭᠡᠯ ᠪᠢᠰᠢᠷᠡᠯ ᠤᠨ ᠰᠠᠭᠤᠷᠢ ᠶᠢ ᠡᠷᠡᠰ ᠪᠠᠲᠤ ᠴᠣᠭᠴᠠᠯᠠᠵᠤ᠂ ᠰᠢᠨ᠎ᠡ ᠠᠶᠠᠨ ᠳᠤ ᠡᠮᠡᠭᠲᠡᠶᠢᠴᠦᠳ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠡᠪ ᠰᠤᠷᠲᠠᠯ ᠢ ᠬᠥᠲᠥᠯᠥᠨ ᠳᠠᠭᠠᠭᠤᠯᠬᠤ ᠳᠤᠮᠳᠠ ᠡᠮᠡᠭᠲᠡᠶᠢᠴᠦᠳ ᠤᠨ ᠤᠶᠢᠯᠡᠳᠤᠯ ᠢ ᠢᠯᠡᠷᠡᠭᠦᠯᠵᠦ᠂ ᠰᠢᠨ᠎ᠡ ᠠᠬᠤᠢ ᠪᠠᠶᠢᠳᠠᠯ ᠢ ᠳᠡᠭᠡᠭᠰᠢᠯᠡᠭᠦᠯᠬᠦ ᠳᠤᠮᠳᠠ ᠡᠮᠡᠭᠲᠡᠶᠢᠴᠦᠳ ᠤᠨ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ᠃
640.png
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号