︽ᠰᠠᠨᠠᠯ︾᠎ ᠨᠢ ᠬᠠᠶᠢᠷᠤᠪ ᠤᠨ ᠲᠣᠬᠤᠢ ᠲᠣᠭᠤᠷᠢᠭ ᠤᠨ ᠺᠠᠳ᠋ᠷ ᠣᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠪᠠ
ᠨᠡᠶᠢᠲᠡᠯᠡᠭᠰᠡᠨ ᠴᠠᠭ᠄
2023/10/26
      ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ 7 ᠲᠠᠯ᠎ᠠ ᠶᠢᠨ ᠭᠤᠤᠯ ᠡᠭᠦᠷᠭᠡ ᠶᠢ ᠪᠠᠶᠢᠷᠢᠯᠠᠭᠤᠯᠤᠨ᠂ ᠰᠢᠨ᠎ᠡ ᠵᠠᠮ ᠨᠡᠭᠡᠭᠡᠬᠦ᠂ ᠳᠤᠮᠳᠠ ᠬᠡᠯᠬᠢᠶ᠎ᠡ ᠳᠤ ᠣᠷᠣᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠤ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ︽ᠰᠠᠨᠠᠯ︾᠎ ᠢ ᠳᠠᠷᠤᠮᠠᠯᠯᠠᠨ ᠲᠠᠷᠬᠠᠭᠠᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠲᠡᠷᠡ ᠳᠠᠷᠤᠢ ᠳᠤᠨᠢ ᠤᠯᠠᠮᠵᠢᠯᠠᠨ ᠰᠤᠷᠤᠯᠴᠠᠵᠤ᠂ ᠲᠦᠢᠯ ᠢᠶᠠᠷ ᠵᠣᠷᠢᠭᠵᠢᠵᠤ᠂ ᠤᠯᠠᠨ ᠢᠶᠠᠷ ᠢᠶᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾᠎ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠰᠠᠨᠠᠯ︾᠎ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠵᠣᠷᠢᠭᠲᠠᠢ ᠪᠠᠷ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠬᠠᠶᠢᠷᠤᠪ ᠤᠨ ᠲᠤᠬᠤᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ ᠴᠢᠶᠣᠤ ᠲᠦᠩ᠄ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ᠪᠣᠯ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠬᠤ ᠪᠠᠷ ᠪᠠᠷᠠᠬᠤ ᠦᠭᠡᠢ᠂ ᠨᠡᠩ ᠴᠤ ᠤᠯᠤᠰ ᠲᠦᠷᠦ ᠶᠢᠨ ᠪᠠᠶᠢᠷᠢ ᠲᠣᠭᠲᠠᠭᠠᠯᠲᠠ ᠪᠣᠯᠤᠨ᠎ᠠ᠂ ᠪᠢᠳᠡᠨ ᠤ ᠬᠤᠶᠢᠰᠢᠳᠠ ᠶᠢᠨ ᠠᠵᠢᠯ ᠳᠤ ᠴᠢᠭᠯᠡᠯ ᠢ ᠲᠣᠳᠣᠷᠬᠠᠢ ᠵᠢᠭᠠᠵᠤ᠂ ᠪᠢᠳᠡᠨ ᠤ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠪᠢᠳᠡ ︿ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠴᠢᠨᠠᠷ ᠤᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠢ ᠣᠶᠢᠯᠠᠭᠠᠯᠲᠠ ᠪᠠᠨ ᠭᠦᠨᠵᠡᠭᠡᠶᠢᠷᠡᠭᠦᠯᠦᠨ᠎ᠡ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠴᠢᠩᠭ᠎ᠠ ᠵᠢᠷᠤᠮᠯᠠᠬᠤ ᠬᠡᠷᠡᠭᠲᠡᠢ᠃ ᠠᠮᠢ ᠠᠬᠤᠶ ᠶᠢᠨ ᠤᠯᠠᠭᠠᠨ ᠱᠤᠭᠤᠮ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠪᠠ ᠣᠷᠣᠵᠤ ᠭᠠᠷᠬᠤ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠨ ᠭᠠᠵᠠᠷ ᠢ ᠲᠠᠷᠢᠶᠠᠯᠠᠩ ᠤᠨ ᠪᠤᠰᠤ ᠪᠣᠯᠭᠠᠬᠤ ᠶᠢ ᠡᠷᠡᠰ ᠬᠤᠷᠢᠭᠯᠠᠬᠤ ᠬᠡᠷᠡᠭᠲᠡᠶ᠃ ᠲᠡᠦᠬᠡ ᠶᠢᠨ ᠬᠠᠶᠠᠭᠳᠠᠮᠠᠯ᠂ ᠲᠡᠦᠬᠡᠨ ᠠᠴᠠ ᠦᠯᠡᠳᠡᠭᠳᠡᠵᠦ ᠢᠷᠡᠭᠰᠡᠨ᠂ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠯᠠᠪᠳᠠᠭᠤᠨ ᠪᠠᠲᠤᠲᠠᠢ ᠠᠬᠢᠭᠤᠯᠪᠠ᠃ ᠰᠢᠨ᠎ᠡ ᠡᠨᠧᠷᠭᠢ ᠶᠢᠨ ᠬᠡᠷᠡᠭᠯᠡᠬᠦ ᠭᠠᠵᠠᠷ ᠤᠨ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠡᠶ ᠪᠠᠷ ᠪᠠᠲᠤᠯᠠᠵᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠠᠭᠤᠷᠬᠠᠶ ᠶᠢᠨ ᠣᠷᠣᠨ ᠤ ᠬᠠᠶᠠᠭᠳᠠᠮᠠᠯ ᠭᠠᠵᠠᠷ ᠰᠢᠷᠣᠶ ᠶᠢ ᠠᠰᠢᠭᠯᠠᠬᠤ ᠶᠢ ᠵᠦᠶ ᠵᠣᠬᠢᠰᠲᠠᠶ ᠲᠥᠯᠥᠪᠵᠢᠭᠦᠯᠬᠦ ᠪᠠ ᠵᠣᠷᠢᠭᠵᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠡᠯᠡᠰᠦᠷᠬᠡᠭᠵᠢᠭᠰᠡᠨ ᠭᠠᠵᠠᠷ ᠰᠢᠷᠣᠢ ᠪᠣᠯᠤᠨ ᠴᠦᠯᠯᠡᠷᠭᠡᠭᠵᠢᠯ ᠢ ᠵᠠᠰᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ︿ᠬᠠᠳᠤᠨ ᠭᠤᠣᠯ ᠤᠨ 几 ᠦᠰᠦᠭ ᠤᠨ ᠲᠤᠬᠤᠢ﹀᠎ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠬᠡᠯᠡᠪᠡ᠃      ᠬᠠᠶᠢᠷᠤᠪ ᠤᠨ ᠲᠣᠬᠤᠢ ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ ᠯᠢ ᠹᠧᠩ ᠭᠤᠸᠠᠩ᠄ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠨᠡᠶᠢᠲᠡᠯᠡᠭᠰᠡᠨ ᠨᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠤᠨ ᠬᠥᠭᠵᠢᠯᠲᠡ ᠳᠤ ᠲᠠᠯᠪᠢᠭᠰᠠᠨ ᠴᠢᠩ ᠰᠡᠳᠬᠢᠯ ᠤᠨ ᠬᠦᠰᠡᠯ ᠡᠷᠡᠮᠡᠯᠵᠡᠯ ᠪᠠ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠢᠯᠡᠷᠡᠭᠦᠯᠪᠡ᠃ ᠪᠢᠳᠡ ᠬᠡᠯᠬᠢᠶ᠎ᠡ ᠰᠦᠷᠦᠭ ᠤᠨ ᠰᠡᠳᠬᠢᠬᠦᠶ ᠪᠠᠷ ᠨᠡᠮᠡᠭᠳᠡᠯ ᠤᠨ ᠬᠡᠮᠵᠢᠶ᠎ᠡ ᠪᠠᠨ ᠥᠷᠭᠡᠳᠬᠡᠵᠦ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠬᠥᠭᠵᠢᠯᠲᠡ ᠶᠢᠨ ᠰᠢᠨ᠎ᠡ ᠬᠦᠷᠢᠶ᠎ᠡ᠂ ᠰᠢᠨ᠎ᠡ ᠤᠷᠤᠯᠳᠤᠭᠠᠨ ᠤ ᠵᠠᠮ ᠢ ᠪᠥᠬᠦ ᠬᠦᠴᠦᠨ ᠢᠶᠠᠷ ᠢᠶᠠᠨ ᠨᠡᠭᠡᠭᠡᠵᠦ᠂ ᠲᠠᠷᠬᠠᠮᠠᠯ ᠮᠠᠶ᠋ᠢᠭ ᠤᠨ ᠬᠡᠷᠡᠯ ᠴᠡᠨᠡᠭ ᠤᠨ ᠲᠥᠷᠥᠯ ᠵᠦᠢᠯ ᠢ ᠰᠦᠯᠵᠢᠶᠡᠨ ᠳᠤ ᠨᠡᠶᠢᠯᠡᠭᠦᠯᠬᠦ ᠶᠢ ᠢᠳᠡᠪᠬᠢᠲᠡᠶ ᠠᠬᠢᠭᠤᠯᠵᠤ᠂ ᠨᠠᠩ ᠣᠯᠠᠨ ᠬᠡᠷᠡᠯ ᠴᠡᠨᠡᠭ᠂ ᠯᠢᠲ᠋ᠢ ᠳ᠋ᠢᠶᠠᠨ ᡂᠢ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ︔ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠬᠦᠴᠦᠲᠡᠶ ᠪᠠᠲᠤᠯᠠᠭ᠎ᠠ ᠬᠠᠩᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠶᠢ ᠲᠦᠷᠭᠡᠳᠬᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠴᠠᠯᠢᠬᠳᠤ ᠠᠵᠤ ᠦᠢᠯᠡᠰ ᠤᠨ ᠬᠡᠷᠡᠭᠴᠡᠭᠡ ᠱᠠᠭᠠᠷᠳᠠᠯᠭ᠎ᠠ ᠶᠢ ᠰᠢᠯᠵᠢᠭᠦᠯᠦᠨ ᠣᠨᠳᠣᠣᠰᠢᠭᠤᠯᠬᠤ ᠶᠢ ᠬᠥᠲᠥᠯᠥᠨ ᠵᠢᠯᠣᠭᠤᠳᠴᠤ᠂ ᠣᠨᠴᠠᠯᠢᠭ ᠢᠶᠠᠷ ᠢᠯᠡ ᠲᠣᠳᠣ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠢᠳᠡᠪᠬᠢᠲᠡᠶ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠎ᠠ︾ ᠭᠡᠵᠦ ᠵᠢᠭᠠᠵᠤ ᠭᠠᠷᠭᠠᠪᠠ ᠃      ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ ᠰᠢᠶᠧ ᠪᠦᠦ ᠱᠧᠩ᠄ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠶᠢᠨ ᠠᠭᠤᠯᠭ᠎ᠠ ᠪᠠᠶᠠᠯᠢᠭ᠂ ᠪᠢᠳᠡᠨ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠢᠳᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠦᠨᠳᠦᠰᠦᠨ ᠵᠦᠢᠯ ᠢ ᠪᠠᠲᠤᠯᠠᠬᠤ ᠲᠣᠣᠷ ᠢ ᠪᠠᠲᠤ ᠪᠠᠬᠢ ᠪᠠᠶᠢᠭᠤᠯᠤᠨ᠎ᠠ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠶᠠᠳᠠᠭᠤ ᠠᠴᠠ ᠠᠩᠭᠢᠵᠢᠷᠠᠭᠰᠠᠨ ᠬᠡᠷ ᠪᠦᠯᠢ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ᠂ ᠵᠡᠮᠳᠡᠭᠴᠦᠳ᠂ ᠣᠷᠣᠯᠭ᠎ᠠ ᠪᠠᠭᠠᠲᠠᠶ ᠬᠥᠮᠦᠨ ᠠᠮᠠ ᠵᠡᠷᠭᠡ ᠬᠦᠴᠢᠷᠳᠡᠯᠲᠡᠶ ᠬᠥᠮᠦᠰ ᠢ ᠬᠥᠳᠡᠯᠦᠩᠭᠦᠶ ᠪᠠᠷ ᠬᠢᠨᠠᠨ ᠬᠡᠮᠵᠢᠬᠦ ᠪᠠ ᠲᠡᠩᠬᠡᠷᠡᠭᠦᠯᠦᠨ ᠲᠤᠰᠠᠯᠠᠬᠤ ᠡᠷᠴᠢᠮ ᠢᠶᠠᠨ ᠴᠢᠩᠭᠠᠷᠠᠭᠤᠯᠵᠤ᠂ ᠰᠠᠨᠠᠭᠠᠴᠢᠯᠠᠭᠠᠲᠤ ᠪᠤᠰᠤ ᠪᠠᠷ ᠲᠡᠩᠬᠡᠷᠡᠭᠦᠯᠦᠨ ᠲᠤᠰᠠᠯᠠᠬᠤ ᠠᠴᠠ ᠰᠠᠨᠠᠭᠠᠴᠢᠯᠠᠭ᠎ᠠ ᠠᠴᠠ ᠪᠠᠨ ᠲᠡᠩᠬᠡᠷᠡᠭᠦᠯᠦᠨ ᠲᠤᠰᠠᠯᠠᠬᠤ ᠳᠠᠰᠢ ᠬᠤᠪᠢᠷᠠᠭᠤᠯᠬᠤ ᠶᠢ ᠪᠡᠶᠡᠯᠡᠭᠦᠯᠦᠨ᠎ᠡ︔ ︿ᠪᠣᠳᠠᠰ ᠤᠨ ᠦᠢᠯᠡᠴᠢᠯᠡᠭᠡ﹀᠎ ᠶᠢᠨ ᠲᠡᠩᠬᠡᠷᠡᠭᠦᠯᠦᠨ ᠲᠤᠰᠠᠯᠠᠬᠤ ᠠᠷᠭ᠎ᠠ ᠮᠠᠶ᠋ᠢᠭ ᠢ ᠲᠠᠰᠤᠷᠠᠯᠲᠠ ᠥᠬᠡᠶ ᠥᠷᠭᠡᠳᠬᠡᠵᠦ᠂ 6 ᠲᠥᠷᠥᠯ ᠤᠨ 24 ᠵᠦᠢᠯ ᠤᠨ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠰᠢᠰᠲ᠋ᠧᠮᠵᠢ ᠶᠢ ᠪᠣᠶ ᠪᠣᠯᠭᠠᠵᠤ᠂ ᠦᠨᠳᠦᠰᠦᠨ ᠠᠮᠢᠳᠤᠷᠠᠯ ᠤᠨ ᠲᠡᠩᠬᠡᠷᠡᠭᠦᠯᠦᠨ ᠲᠤᠰᠠᠯᠠᠬᠤ᠂ ᠲᠤᠰᠬᠠᠶ ᠵᠦᠢᠯ ᠤᠨ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ᠂ ᠪᠠᠴᠢᠮ ᠪᠡᠷᠬᠡ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠷ ᠭᠤᠤᠯ ᠴᠣᠭᠴᠠ ᠪᠣᠯᠭᠠᠭᠰᠠᠨ᠂ ᠨᠡᠶᠢᠭᠡᠮ ᠤᠨ ᠬᠦᠴᠦᠨ ᠤ ᠣᠷᠤᠯᠭ᠎ᠠ ᠪᠠᠷ ᠨᠥᠬᠦᠪᠥᠷᠢ ᠪᠣᠯᠭᠠᠭᠰᠠᠨ᠂ ᠪᠥᠬᠦ ᠲᠠᠯ᠎ᠠ ᠶᠢ ᠬᠠᠮᠤᠷᠤᠭᠰᠠᠨ᠂ ᠲᠠᠰ ᠲᠥᠷᠥᠯ ᠬᠤᠪᠢᠶᠠᠭᠰᠠᠨ᠂ ᠶᠡᠷᠦᠩᠬᠡᠶᠢᠯᠡᠭᠰᠡᠨ ᠥᠨᠳᠥᠷ ᠪᠦᠲᠦᠮᠵᠢᠲᠡᠶ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠶᠢᠷᠢᠰᠢᠯ ᠢ ᠪᠣᠶ ᠪᠣᠯᠭᠠᠵᠤ᠂ ᠬᠦᠴᠢᠷᠳᠡᠯᠲᠡᠶ ᠣᠯᠠᠨ ᠲᠦᠮᠡᠨ ᠢ ᠨᠠᠩ ᠣᠯᠠᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠵᠤ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ︾ ᠭᠡᠵᠦ ᠵᠢᠭᠠᠵᠤ ᠭᠠᠷᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号