ᠲᠣᠬᠢᠷᠠᠭᠤᠯᠤᠨ ᠪᠠᠶᠢᠷᠢᠯᠠᠭᠤᠯᠤᠨ᠎ᠠ︕ ᠬᠠᠶᠢᠷᠤᠪ ᠤᠨ ᠲᠤᠬᠤᠢ ᠲᠣᠭᠤᠷᠢᠭ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/10/27
      10 ᠰᠠᠷ᠎ᠠ ᠶᠢᠨ 26᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ 2023 ᠣᠨ ᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠵᠢᠴᠢ ᠭᠤᠣᠯᠳᠠᠯᠭ᠎ᠠ ᠲᠠᠢ ᠡᠭᠦᠷᠭᠡ ᠶᠢ ᠠᠬᠢᠭᠤᠯᠬᠤ ᠬᠤᠷᠠᠯ ᠬᠤᠷᠠᠯᠳᠤᠪᠠ᠃ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ᠬᠤᠷᠠᠯ ᠳᠡᠭᠡᠷ᠎ᠡ ︽ᠬᠠᠶᠢᠷᠤᠪ ᠤᠨ ᠲᠤᠬᠤᠢ ᠲᠣᠭᠤᠷᠢᠭ ᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ 2023 ᠣᠨ ᠤ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ︾᠎ ᠳᠤ ᠲᠠᠶᠢᠯᠤᠮᠵᠢ ᠬᠢᠪᠡ᠃ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠬᠠᠮᠢᠶ᠎ᠠ ᠪᠦᠬᠦᠢ ᠨᠢᠭᠡᠴᠡ ᠶᠢᠨ 2023 ᠣᠨ ᠤ ᠭᠤᠤᠯᠳᠠᠯᠭ᠎ᠠ ᠲᠠᠢ ᠡᠭᠦᠷᠭᠡ ᠶᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠠᠶᠢᠷᠤᠪ ᠤᠨ ᠲᠣᠬᠤᠢ ᠲᠣᠭᠤᠷᠢᠭ ᠤᠨ ᠳᠠᠷᠠᠭᠠᠴᠢ ᠶᠢᠨ ᠠᠯᠬᠤᠮ ᠤᠨ ᠠᠵᠢᠯ ᠢ ᠨᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠴᠢᠩᠭ᠎ᠠ ᠬᠠᠷᠢᠭᠤᠴᠠᠯᠭ᠎ᠠ ᠡᠭᠦᠷᠭᠡᠯᠡᠯ ᠢᠶᠠᠷ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠤᠯᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠪᠦᠬᠦ ᠲᠠᠯ᠎ᠠ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠪᠣᠭᠤᠮᠲᠠ ᠰᠢᠪᠲᠤᠯᠬᠤ ᠠᠵᠢᠯᠯᠠᠭ᠎ᠠ ᠶᠢᠨ ᠲᠥᠰᠦᠯ ᠲᠠᠢ ᠬᠠᠷᠭᠤᠭᠤᠯᠵᠤ᠂ ᠬᠦᠴᠦᠨ ᠢᠶᠠᠨ ᠲᠥᠪᠯᠡᠷᠡᠭᠦᠯᠦᠨ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ ᠭᠡᠵᠤ ᠬᠡᠯᠡᠪᠡ᠃      ᠬᠤᠷᠠᠯ ᠠᠴᠠ᠂ ᠬᠠᠶᠢᠷᠤᠪ ᠤᠨ ᠲᠤᠬᠤᠢ ᠲᠣᠭᠤᠷᠢᠭ ᠤᠨ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠨᠠᠷᠢᠯᠢᠬᠵᠢᠭᠤᠯᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠵᠢᠱᠢᠭᠰᠡᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠠᠵᠢᠯ ᠤᠨ ᠡᠬᠡ ᠲᠠᠩᠰᠠ ᠪᠠᠶᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠪᠡᠶᠡᠯᠡᠭᠦᠯᠬᠦ ᠴᠠᠭ ᠤᠨ ᠬᠢᠵᠠᠭᠠᠷ ᠢᠶᠠᠨ ᠲᠣᠳᠣᠷᠬᠠᠶᠢᠯᠠᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠦᠨ᠂ ᠡᠯ᠎ᠡ ᠵᠦᠢᠯ ᠤᠨ ᠡᠭᠦᠷᠭᠡ ᠳᠤ ᠨᠠᠷᠢᠨ ᠲᠠᠩᠰᠠ ᠶᠢᠨ ᠬᠡᠯᠪᠡᠷᠢ ᠪᠠᠷ ᠬᠠᠮᠢᠶᠠᠷᠬᠤ᠂ ᠳ᠋ᠤᠭᠠᠷ ᠬᠠᠰᠤᠬᠤ ᠬᠡᠯᠪᠡᠷᠢ ᠪᠠᠷ ᠠᠬᠢᠭᠤᠯᠬᠤ ᠶᠢ ᠬᠡᠷᠡᠭᠵᠢᠭᠦᠯᠬᠦ ᠬᠡᠷᠡᠭᠲᠡᠶ᠃ ᠲᠤᠭᠤᠷᠢᠭ ᠤᠨ ᠲᠤᠰᠬᠠᠶ ᠠᠯᠪᠠᠨ ᠬᠡᠷ ᠨᠢ ᠠᠷᠪᠠᠨ ᠡᠳᠦᠷ ᠪᠦᠷᠢ ᠳᠣᠭᠢᠷᠠᠭᠤᠯᠬᠤ᠂ ᠰᠠᠷ᠎ᠠ ᠪᠦᠷᠢ ᠮᠡᠳᠡᠭᠡᠯᠡᠬᠦ ᠲᠣᠭᠲᠠᠴᠠ ᠶᠢ ᠬᠡᠷᠡᠭᠵᠢᠭᠦᠯᠵᠦ᠂ ᠠᠵᠢᠯ ᠤᠨ ᠠᠬᠢᠴᠠ ᠶᠢ ᠴᠠᠭ ᠲᠤᠬᠠᠶ ᠳᠤᠨᠢ ᠡᠵᠡᠮᠰᠢᠵᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ︔ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠷᠡᠰ ᠴᠢᠩᠭ᠎ᠠ ᠬᠦᠴᠦᠲᠡᠶ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠴᠢᠨᠠᠷ ᠰᠠᠶᠢᠲᠠᠶ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠶ᠃ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠰᠦᠯᠵᠢᠶᠡᠨ ᠤ ᠠᠮᠤᠷ ᠲᠦᠪᠰᠢᠨ ᠤ ᠬᠦᠷᠢᠶᠡᠨ ᠤ ᠠᠰᠠᠭᠤᠳᠠᠯ ᠢ ᠪᠦᠲᠦᠮᠵᠢᠲᠡᠢ ᠴᠡᠭᠴᠡᠯᠡᠨ ᠵᠠᠰᠠᠵᠤ᠂ ᠨᠡᠶᠢᠭᠡᠮ ᠤᠨ ᠲᠠᠯ᠎ᠠ ᠪᠣᠯᠤᠨ ᠤᠯᠠᠨ ᠨᠡᠶᠢᠲᠡ ᠶᠢᠨ ᠠᠮᠤᠷ ᠲᠦᠪᠰᠢᠨ ᠤ ᠪᠦᠬᠦᠯᠢ ᠴᠣᠭᠴᠠ ᠶᠢᠨ ᠰᠡᠷᠭᠡᠶᠢᠯᠡᠨ ᠡᠵᠡᠮᠳᠡᠬᠦ ᠶᠢ ᠬᠦᠴᠦᠯᠡᠨ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠤ ᠵᠢᠭᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号