︽ᠰᠠᠨᠠᠯ︾᠎ ᠨᠢ ᠬᠠᠶᠢᠷᠤᠪ ᠤᠨ ᠲᠣᠬᠤᠢ ᠲᠣᠭᠤᠷᠢᠭ ᠤᠨ ᠺᠠᠳ᠋ᠷ ᠣᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠪᠠ②
ᠨᠡᠶᠢᠲᠡᠯᠡᠭᠰᠡᠨ ᠴᠠᠭ᠄
2023/10/30
      ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠵᠤ᠂ 7 ᠲᠠᠯ᠎ᠠ ᠶᠢᠨ ᠭᠤᠤᠯ ᠡᠭᠦᠷᠭᠡ ᠶᠢ ᠪᠠᠶᠢᠷᠢᠯᠠᠭᠤᠯᠤᠨ᠂ ᠰᠢᠨ᠎ᠡ ᠵᠠᠮ ᠨᠡᠭᠡᠭᠡᠬᠦ᠂ ᠳᠤᠮᠳᠠ ᠬᠡᠯᠬᠢᠶ᠎ᠡ ᠳᠤ ᠣᠷᠣᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠤ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ᠃ ︽ᠰᠠᠨᠠᠯ︾᠎ ᠢ ᠳᠠᠷᠤᠮᠠᠯᠯᠠᠨ ᠲᠠᠷᠬᠠᠭᠠᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠺᠠᠳ᠋ᠷ ᠤᠯᠠᠨ ᠲᠦᠮᠡᠨ ᠤ ᠳᠤᠮᠳᠠ ᠴᠢᠩᠭ᠎ᠠ ᠲᠤᠰᠬᠠᠯ ᠭᠠᠷᠭᠠᠵᠤ᠂ ᠥᠷᠭᠡᠨ ᠤᠯᠠᠨ ᠺᠠᠳ᠋ᠷ ᠤᠯᠠᠨ ᠲᠦᠮᠡᠨ ᠲᠡᠷᠡ ᠳᠠᠷᠤᠢ ᠳᠤᠨᠢ ᠤᠯᠠᠮᠵᠢᠯᠠᠨ ᠰᠤᠷᠤᠯᠴᠠᠵᠤ᠂ ᠲᠦᠢᠯ ᠢᠶᠠᠷ ᠵᠣᠷᠢᠭᠵᠢᠵᠤ᠂ ᠤᠯᠠᠨ ᠢᠶᠠᠷ ᠢᠶᠠᠨ᠂ ᠲᠦᠷᠦ ᠶᠢᠨ ᠶᠠᠪᠤᠳᠠᠯ ᠤᠨ ᠬᠤᠷᠢᠶᠠᠨ ᠤ ︽ᠰᠠᠨᠠᠯ︾᠎ ᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠰᠠᠨᠠᠯ︾᠎ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠦᠵᠡᠯ ᠰᠠᠨᠠᠭ᠎ᠠ ᠪᠠᠨ ᠴᠢᠯᠥᠭᠡᠯᠡᠵᠦ᠂ ᠵᠣᠷᠢᠭᠲᠠᠢ ᠪᠠᠷ ᠤᠷᠤᠭᠰᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃      ᠬᠠᠶᠢᠷᠤᠪ ᠤᠨ ᠲᠣᠬᠤᠢ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠮᠠ ᠵᠢᠶᠧ᠄ ︽ᠪᠢᠳᠡ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠢ ᠶᠢᠨ ᠶᠡᠷᠦᠩᠬᠡᠶ ᠬᠡᠮᠵᠢᠶ᠎ᠡ ᠪᠠᠨ ᠪᠤᠵᠠᠭᠠᠶᠢᠷᠠᠭᠤᠯᠵᠤ᠂ ᠤᠯᠠᠮᠵᠢᠯᠠᠯᠲᠤ ᠨᠡᠭᠦᠷᠡᠰᠦ ᠬᠡᠤᠷᠡᠰᠦ ᠶᠢᠨ ᠠᠵᠤ ᠦᠢᠯᠡᠰ ᠤᠨ ᠬᠡᠯᠬᠢᠶ᠎ᠡ ᠶᠢ ᠳᠠᠬᠢᠨ ᠳᠠᠪᠲᠠᠨ ᠳᠡᠰ ᠳᠡᠪᠰᠢᠭᠦᠯᠬᠦ ᠪᠠᠷ ᠠᠵᠤ ᠤᠶᠢᠯᠡᠤᠡᠪᠤᠷᠢ ᠶᠢᠨ ᠨᠡᠮᠡᠭᠳᠡᠯ ᠤᠨ ᠰᠠᠭᠤᠷᠢ ᠶᠢ ᠬᠤᠪᠢᠷᠠᠭᠤᠯᠬᠤ ᠬᠡᠯᠬᠢᠶ᠎ᠡ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠪᠥᠬᠦ ᠠᠵᠤ ᠤᠶᠢᠯᠡᠰ ᠤᠨ ᠬᠡᠯᠬᠢᠶ᠎ᠡ ᠪᠠᠷ ᠠᠵᠤ ᠤᠶᠢᠯᠡᠤᠡᠪᠤᠷᠢ ᠶᠢᠨ ᠨᠡᠮᠡᠭᠳᠡᠯ ᠤᠨ ᠭᠤᠣᠯ ᠬᠥᠳᠡᠯᠭᠡᠬᠦ ᠬᠡᠯᠬᠢᠶ᠎ᠡ ᠪᠣᠯᠭᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠤᠨ ᠬᠡᠯᠬᠢᠶ᠎ᠡ ᠪᠣᠯᠬᠤ ᠶᠢ ᠠᠬᠢᠭᠤᠯᠵᠤ᠂ ᠨᠡᠭᠦᠷᠡᠰᠦ ᠮᠠᠯᠲᠠᠬᠤ᠂ ᠤᠬᠢᠶᠠᠵᠤ ᠰᠣᠩᠭᠤᠨ ᠡᠳ᠋ᠰᠢᠭᠦᠯᠬᠦ᠂ ᠬᠡᠦᠷᠰᠢᠭᠦᠯᠬᠦ ᠠᠵᠢᠯ ᠲᠥᠷᠥᠯ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ ᠵᠣᠷᠢᠭᠵᠢᠭᠤᠯᠤᠨ ᠳᠠᠮᠵᠢᠵᠤ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ︿ᠲᠤᠰᠬᠠᠢ ᠨᠠᠷᠢᠯᠢᠭ ᠣᠨᠴᠠ ᠰᠢᠨ᠎ᠡ﹀ ᠠᠵᠤ ᠠᠬᠤᠶᠢᠯᠠᠯ ᠢ ᠲᠦᠷᠭᠡᠪᠴᠢᠯᠡᠨ ᠪᠤᠶᠢᠵᠢᠭᠤᠯᠤᠨ᠎ᠠ᠃ ᠬᠤᠳᠠᠯᠳᠤᠭᠠᠨ ᠤ ᠬᠦᠷᠢᠶᠡᠨ ᠤ ᠳᠠᠶᠢᠴᠢᠯᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠲᠦᠷᠦᠭᠦᠦ ᠳᠡᠯᠭᠡᠭᠦᠷ ᠤᠨ ᠠᠵᠤ ᠠᠬᠤᠢ᠂ ᠰᠥᠨᠢ ᠶᠢᠨ ᠠᠵᠤ ᠠᠬᠤᠢ᠂ ᠰᠦᠯᠵᠢᠶᠡᠨ ᠤ ᠨᠡᠷᠡᠳᠦ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠵᠦ᠂ ᠤᠯᠠᠨ ᠡᠰᠢᠲᠦ ᠬᠥᠭᠵᠢᠯᠲᠡ᠂ ᠤᠯᠠᠨ ᠲᠦᠢᠯᠰᠢᠷᠠᠯ ᠤᠨ ᠲᠤᠯᠭᠠᠭᠤᠷᠢᠯᠠᠯ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃      ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠸᠠᠩ ᠸᠧᠨ ᠹᠠᠩ ᠳᠡᠳ᠋ ᠳᠠᠷᠤᠭ᠎ᠠ᠄ ︽ᠰᠠᠨᠠᠯ︾᠎ ᠳᠤ ᠵᠢᠭᠠᠵᠤ ᠭᠠᠷᠭᠠᠭᠰᠠᠨ ᠴᠢᠭᠯᠡᠯ ᠨᠢ ᠲᠣᠳᠣᠷᠬᠠᠶ᠂ ᠠᠷᠭ᠎ᠠ ᠵᠠᠮ ᠨᠢ ᠲᠣᠳᠣᠷᠬᠠᠶ ᠪᠠᠶᠢᠳᠠᠭ᠃ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢᠯᠠᠵᠤ᠂ ᠨᠠᠷᠢᠨ ᠬᠢᠨᠠᠮᠠᠭᠠᠢ ᠰᠤᠳᠤᠯᠵᠤ᠂ ᠳᠠᠷᠦ᠋ᠢᠬᠠᠨ ᠠᠵᠢᠯᠯᠠᠭ᠎ᠠ ᠥᠷᠨᠢᠭᠦᠯᠦᠨ᠎ᠡ᠃ ᠠᠵᠤ ᠦᠢᠯᠡᠰ ᠤᠨ ᠪᠦᠲᠦᠴᠡ ᠶᠢ ᠡᠬᠢ ᠡᠭᠦᠰᠦᠯ ᠠᠴᠠ ᠨᠢ ᠰᠢᠯᠢᠳᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠴᠢᠬᠤᠯᠠ ᠶᠡᠭᠡ ᠠᠵᠠ ᠲᠣᠬᠢᠶᠠᠯ ᠢ ᠴᠢᠩᠭ᠎ᠠ ᠠᠳᠬᠤᠵᠤ᠂ ᠬᠡᠯᠬᠢᠶ᠎ᠡ ᠤᠯᠠᠨ ᠲᠦᠮᠡᠨ ᠤ ᠰᠡᠳᠬᠢᠬᠦᠢ ᠪᠠᠷ ᠲᠦᠷᠦᠯ ᠵᠦᠢᠯ ᠢ ᠠᠳᠬᠤᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠰᠢ ᠶᠢᠨ ᠫᠢᠩ ᠶᠡᠷᠦᠩᠬᠡᠢ ᠱᠦᠵᠢ ᠶᠢᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠶ᠎ᠠ︾ ᠬᠡᠵᠡᠢ᠃      ᠦᠬᠠᠢ ᠬᠤᠳᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶᠠᠨ ᠤ ᠬᠠᠶᠢᠷᠤᠪ ᠤᠨ ᠲᠤᠬᠤᠢ ᠲᠣᠭᠤᠷᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ ᠸᠧᠢ ᠸᠧᠢ᠄ ︽︿ᠰᠠᠨᠠᠯ﹀᠎ ᠢ ᠰᠤᠷᠤᠯᠴᠠᠭᠰᠠᠨ ᠤ ᠳᠠᠷᠠᠭ᠎ᠠ᠂ ᠡᠷᠴᠢ ᠵᠣᠷᠢᠭ ᠳᠠᠬᠢᠨ ᠢᠶᠠᠷ ᠨᠡᠮᠡᠭᠳᠡᠵᠦ᠂ ︽ᠰᠠᠨᠠᠯ︾᠎ ᠨᠢ ᠠᠮᠢ ᠠᠬᠤᠢ ᠣᠷᠴᠢᠨ ᠲᠣᠭᠤᠷᠢᠨ ᠤ ᠠᠵᠢᠯᠲᠠᠳ ᠤᠨ ᠰᠢᠨ᠎ᠡ ᠴᠠᠭ ᠦᠶ᠎ᠡ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠳᠤ ᠲᠦᠷᠦ ᠶᠢᠨ ᠪᠤᠳᠤᠯᠭ᠎ᠠ ᠶᠢᠨ ᠳᠡᠮᠵᠢᠯᠭᠡ ᠬᠠᠩᠭᠠᠵᠤ᠂ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠡᠢ᠃ ᠶᠡᠷᠦᠩᠬᠡᠢ ᠱᠦᠵᠢ ᠰᠢ ᠶᠢᠨ ᠫᠢᠩ᠂ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠂ ᠪᠢᠳᠡ ᠠᠮᠢ ᠠᠬᠤᠢ ᠶᠢᠨ ᠣᠷᠴᠢᠨ ᠲᠣᠭᠤᠷᠢᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠦᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ ᠡᠷᠡᠰ ᠣᠯᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ ᠬᠦᠨᠳᠦ ᠡᠭᠦᠷᠭᠡ ᠶᠢ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠪᠠᠷ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ᠬᠠᠶᠢᠷᠤᠪ ᠤᠨ ᠲᠤᠬᠤᠢ ᠲᠣᠭᠤᠷᠢᠭ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ ᠬᠡᠯᠡᠪᠡ᠃     
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号