ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/10/30
      10 ᠰᠠᠷ᠎ᠠ ᠶᠢᠨ 27᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2023 ᠣᠨ ᠤ 14 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠨᠢ ᠭᠤᠤᠯᠳᠠᠭᠤ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠣᠭᠤᠷᠢᠨ ᠳᠤ ᠲᠤᠰᠬᠠᠶ ᠰᠡᠳᠦᠪᠲᠦ ᠰᠤᠳᠤᠯᠤᠨ ᠶᠠᠷᠢᠯᠴᠠᠭ᠎ᠠ ᠥᠷᠨᠢᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠤᠯᠤᠰ ᠲᠥᠷᠥ ᠶᠢᠨ ᠵᠥᠪᠯᠡᠯᠭᠡᠨ ᠤ ᠭᠤᠤᠯ ᠬᠠᠷᠢᠭᠤᠴᠠᠯᠭᠠᠲᠠᠨ ᠨᠥᠬᠦᠳ ᠲᠠᠰ ᠳᠠᠷᠠᠭᠠᠯᠠᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠰᠦᠨ ᠬᠤᠤ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠣᠨᠣᠯ ᠢᠶᠠᠷ ᠵᠡᠪᠰᠡᠭᠯᠡᠬᠦ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠶ︔ ᠠᠵᠤ ᠦᠢᠯᠡᠰ ᠬᠤᠳᠠ ᠶᠢ ᠠᠭᠤᠰᠤᠯᠴᠠᠭᠤᠯᠬᠤ᠂ ᠬᠤᠳᠠ ᠬᠥᠳᠡᠭᠡ ᠶᠢ ᠠᠭᠤᠰᠤᠯᠴᠠᠭᠤᠯᠬᠤ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠤᠬᠴᠠᠵᠢᠭᠤᠯᠬᠤ ᠵᠡᠷᠭᠡ ᠳᠠᠪᠠᠭᠤᠯᠢᠭ ᠢᠶᠠᠨ ᠪᠠᠳᠠᠷᠠᠭᠤᠯᠵᠤ᠂ ︽ᠴᠥᠬᠦᠷᠡᠰᠢ ᠦᠭᠡᠢ ᠬᠠᠳᠠᠨ ᠵᠣᠷᠢᠭ ᠢ ᠬᠥᠪᠴᠢᠯᠡᠵᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠤᠮᠳᠠ ᠬᠦᠴᠢᠷ ᠢ ᠰᠦᠷᠦᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠢ᠃ ᠡᠯ᠎ᠡ ᠨᠢᠭᠡᠴᠡ ᠰᠠᠯᠠᠭ᠎ᠠ ᠮᠥᠴᠢᠷ ᠤᠨ ᠬᠢᠨ ᠢᠲᠡᠭᠡᠯ ᠵᠣᠷᠢᠭ ᠢᠶᠠᠨ ᠪᠤᠢ ᠪᠣᠯᠭᠠᠬᠤ ᠪᠠ ᠴᠢᠳᠠᠪᠤᠷᠢ ᠪᠠᠨ ᠳᠡᠭᠡᠭᠰᠢᠯᠡᠭᠦᠯᠵᠦ᠂ ᠰᠠᠨᠠᠭᠠᠴᠢᠯᠠᠭᠠᠲᠤ ᠤᠬᠠᠮᠰᠠᠷ ᠢ ᠪᠤᠢ ᠪᠣᠯᠭᠠᠵᠤ᠂ ᠤᠳᠤᠷᠢᠳᠬᠤ ᠺᠠᠳ᠋ᠷ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠴᠢᠳᠠᠮᠠᠭᠠᠢ ᠪᠠᠷ ᠠᠵᠢᠯᠯᠠᠵᠤ᠂ ᠤᠯᠠᠨ ᠲᠦᠮᠡᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ ᠢ ᠰᠢᠢᠳᠪᠦᠷᠢᠯᠡᠬᠦ ᠶᠢ ᠬᠦᠴᠦᠯᠡᠬᠦ ᠴᠡᠭ ᠪᠣᠯᠭᠠᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ︔ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠦᠷ᠎ᠡ ᠪᠦᠲᠦᠮᠵᠢ ᠪᠠᠷ ᠬᠠᠶᠢᠷᠤᠪ ᠤᠨ ᠲᠤᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号