ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ︾ ᠭᠤᠤᠯᠳᠠᠯᠭ᠎ᠠ ᠲᠠᠢ ᠲᠤᠰᠬᠠᠶ ᠵᠢᠱᠢᠶ᠎ᠡ ᠦᠵᠡᠭᠦᠯᠬᠦ ᠲᠥᠷᠥᠯ ᠵᠤᠶᠢᠯ ᠤᠨ ᠦᠷ᠎ᠡ ᠪᠦᠲᠦᠭᠡᠯ ᠢ ᠨᠡᠶᠢᠲᠡᠯᠡᠬᠦ ᠵᠢᠴᠢ ᠰᠢᠨ᠎ᠡ ᠶᠢ ᠡᠭᠦᠳᠬᠦ ᠰᠤᠳᠤᠯᠤᠨ ᠶᠠᠷᠢᠯᠴᠠᠬᠤ ᠬᠤᠷᠠᠯ ᠬᠠᠶᠢᠷᠤᠪ ᠤᠨ ᠲᠣᠬᠤᠶ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2023/10/30
      10 ᠰᠠᠷ᠎ᠠ ᠶᠢᠨ 28᠎ ᠤ ᠡᠳᠦᠷ᠂ ᠤᠯᠤᠰ ᠤᠨ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ︾ ᠭᠤᠣᠯᠳᠠᠯᠭ᠎ᠠ ᠲᠠᠢ ᠲᠤᠰᠬᠠᠢ ᠵᠢᠱᠢᠶ᠎ᠡ ᠦᠵᠡᠭᠦᠯᠬᠦ ᠲᠦᠷᠦᠯ ᠵᠦᠢᠯ ᠤᠨ ᠦᠷ᠎ᠡ ᠪᠦᠲᠦᠭᠡᠯ ᠢ ᠨᠡᠶᠢᠲᠡᠯᠡᠬᠦ ᠵᠢᠴᠢ ᠰᠢᠨ᠎ᠡ ᠶᠢ ᠡᠭᠦᠳᠬᠦ ᠰᠤᠳᠤᠯᠤᠨ ᠶᠠᠷᠢᠯᠴᠠᠬᠤ ᠬᠤᠷᠠᠯ ᠬᠠᠶᠢᠷᠤᠪ ᠤᠨ ᠲᠤᠬᠤᠢ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠡᠨᠧᠷᠭᠢ ᠶᠢᠨ ᠯᠦᠩ ᠶᠤᠸᠠᠨ ᠥᠪᠥᠷ ᠮᠣᠩᠭᠤᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠳᠤ ᠶᠠᠪᠤᠭᠳᠠᠪᠠ᠃ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ᠂ ᠴᠢᠩᠬᠤᠸᠠ ᠶᠡᠭᠡ ᠰᠤᠷᠭᠠᠭᠤᠯᠢ ᠶᠢᠨ ᠫᠷᠤᠹᠧᠰᠰᠤᠷ ᠬᠤᠤ ᠵᠢᠶ ᠮᠢᠩ᠂ ᠤᠯᠤᠰ ᠤᠨ ᠡᠨᠧᠷᠭᠢ ᠶᠢᠨ ᠪᠦᠯᠦᠭᠯᠡᠯ ᠤᠨ ᠶᠡᠷᠦᠩᠬᠡᠶ ᠳᠠᠭᠠᠭᠠᠮᠠᠯ ᠤᠨ ᠲᠤᠰᠠᠯᠠᠭᠴᠢ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ ᠵᠠᠩ ᠽᠦᠩ ᠹᠦ᠋᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠭᠤᠤ ᠪᠥᠸᠧ᠂ ᠪᠡᠭᠡᠵᠢᠩ ᠬᠤᠲᠠ ᠶᠢᠨ ᠠᠵᠤ ᠠᠬᠤᠶ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠸᠠᠩ ᠽᠦᠸᠧ ᠵᠢᠴᠢ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠤᠨ ᠲᠥᠯᠥᠭᠡᠯᠡᠭᠴᠢ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠪᠠ᠃      ᠬᠤᠷᠠᠯ ᠳᠤ ᠣᠷᠣᠯᠴᠠᠭᠰᠠᠳ ᠤᠷᠢᠳ ᠬᠤᠵᠢᠳ ᠶᠤᠸᠠᠨ ᠱᠧᠩ ᠲᠦᠷᠭᠡᠳᠬᠡᠭᠴᠢ ᠶᠢᠨ ᠦᠢᠯᠡᠳᠪᠦᠷᠢ ᠶᠢᠨ ᠲᠠᠰᠤᠭ᠂ ᠬᠤᠸᠠᠨ ᠰᠢᠨ ᠲᠦᠷᠭᠡᠳᠬᠡᠭᠴᠢ ᠶᠢᠨ ᠦᠢᠯᠡᠳᠪᠦᠷᠢ ᠶᠢᠨ ᠲᠠᠰᠤᠭ᠂ ᠾᠧᠩ ᠰᠢᠨ ᠲᠦᠷᠭᠡᠳᠬᠡᠭᠴᠢ ᠶᠢᠨ ᠦᠢᠯᠡᠳᠪᠦᠷᠢ ᠶᠢᠨ ᠲᠠᠰᠤᠭ ᠵᠡᠷᠭᠡ ᠭᠠᠵᠠᠷ ᠲᠤ ᠬᠦᠷᠴᠦ ᠲᠣᠭᠤᠷᠢᠨ ᠦᠵᠡᠵᠦ᠂ ᠢᠳᠡᠪᠬᠢ ᠱᠡᠦ ᠥᠬᠡᠶᠢᠳᠡᠭᠦᠯᠬᠦ ᠲᠦᠷᠭᠡᠳᠬᠡᠭᠦᠷ ᠤᠨ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠲᠦᠢᠮᠣ ᠪᠠᠶᠢᠳᠠᠯ᠂ ᠠᠵᠢᠯ ᠤᠨ ᠶᠠᠪᠤᠴᠠ ᠵᠢᠴᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭᠠᠬᠢ ᠦᠷ᠎ᠡ ᠠᠰᠢᠭ ᠢ ᠨᠢ ᠨᠠᠷᠢᠨ ᠣᠶᠢᠯᠠᠭᠠᠪᠠ᠃      ᠱᠠᠤ ᠥᠬᠡᠶᠢᠳᠡᠭᠦᠯᠬᠦ ᠲᠦᠷᠭᠡᠳᠬᠡᠭᠦᠷ ᠢ ᠶᠡᠷᠦᠩᠬᠡᠶᠢᠯᠡᠨ ᠠᠰᠢᠭᠯᠠᠬᠤ ᠲᠥᠷᠥᠯ ᠵᠤᠶᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠣᠰᠣᠯᠠᠯ ᠳᠡᠭᠡᠷ᠎ᠡ᠂ ᠬᠠᠶᠢᠷᠤᠪ ᠤᠨ ᠲᠣᠬᠤᠶ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠼᠦᠢ ᠬᠤᠩ ᠪᠥᠸᠧ ᠶᠣᠰᠣᠯᠠᠯ ᠢ ᠡᠷᠭᠢᠯᠡᠪᠡ︔ ᠰᠦᠨ ᠬᠤᠤ ᠪᠠᠶᠠᠷ ᠤᠨ ᠦᠭᠡ ᠬᠡᠯᠡᠭᠰᠡᠨ ᠪᠥᠭᠡᠳ ᠶᠠᠷᠢᠶ᠎ᠠ ᠲᠠᠯᠪᠢᠵᠤ᠂ ᠵᠠᠩ ᠽᠦᠩ ᠹᠦ᠋᠂ ᠸᠠᠩ ᠽᠦᠸᠧ ᠨᠠᠷ ᠤᠷᠢᠳ ᠬᠤᠵᠢᠳ ᠱᠡᠤ ᠥᠬᠡᠶᠢᠳᠡᠭᠦᠯᠬᠦ ᠲᠦᠷᠭᠡᠳᠬᠡᠭᠦᠷ ᠢ ᠶᠡᠷᠦᠩᠬᠡᠶᠢᠯᠡᠨ ᠠᠰᠢᠭᠯᠠᠬᠤ ᠲᠥᠷᠥᠯ ᠵᠤᠶᠢᠯ ᠤᠨ ᠲᠣᠭᠤᠷᠢᠨ ᠳᠤ ᠶᠠᠷᠢᠶ᠎ᠠ ᠲᠠᠯᠪᠢᠪᠠ᠂ ᠬᠤᠤ ᠵᠢᠶ ᠮᠢᠩ ᠭᠤᠤᠯ ᠵᠤᠷᠢᠯᠳᠠᠳᠤ ᠶᠠᠷᠢᠶ᠎ᠠ ᠲᠠᠯᠪᠢᠪᠠ᠃      ᠰᠦᠨ ᠬᠤᠤ᠂ ᠤᠯᠤᠰ ᠤᠨ ᠡᠨᠧᠷᠭᠢ ᠶᠢᠨ ᠯᠦᠩ ᠶᠤᠸᠠᠨ ᠱᠠᠤ ᠥᠬᠡᠶᠢᠳᠡᠭᠦᠯᠬᠦ ᠲᠦᠷᠭᠡᠳᠬᠡᠭᠦᠷ ᠤᠨ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠪᠣᠯ ᠦᠬᠠᠢ ᠬᠤᠳᠠ ᠶᠢᠨ ︽ᠬᠤᠣᠰ ᠨᠡᠭᠦᠷᠡᠰᠦᠲᠥ᠋ᠷᠥᠭᠴᠢ︾᠎ ᠶᠢᠨ ᠠᠬᠤᠢ ᠪᠠᠶᠢᠳᠠᠯ ᠳᠣᠣᠷᠠᠬᠢ ᠡᠨᠧᠷᠭᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠲᠦᠷᠦᠯ ᠤᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠲᠡᠰᠢ ᠬᠡᠯᠪᠡᠷᠢ ᠪᠠᠨ ᠬᠤᠪᠢᠷᠠᠭᠤᠯᠵᠤ᠂ ᠰᠢᠨ᠎ᠡ ᠶᠢ ᠡᠭᠦᠳᠬᠦ ᠬᠡᠯᠬᠢᠶ᠎ᠡ ᠪᠠᠷ ᠠᠵᠤ ᠦᠢᠯᠡᠰ ᠤᠨ ᠬᠡᠯᠬᠢᠶ᠎ᠡ ᠶᠢᠨ ᠴᠢᠬᠤᠯᠠ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠪᠣᠯᠤᠨ᠎ᠠ᠃ ᠲᠥᠷᠥᠯ ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠤᠷᠤᠭᠰᠠᠨ ᠨᠢ ᠡᠨᠡ ᠬᠦ ᠤᠯᠤᠰ ᠤᠨ ᠲᠠᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠷᠥᠯ ᠵᠦᠢᠯ ᠦᠬᠠᠶ ᠬᠤᠲᠠ ᠳᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠪᠡᠶᠡᠯᠡᠭᠦᠯᠵᠦ᠂ ᠦᠬᠠᠶ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠠᠵᠤ ᠦᠢᠯᠡᠳᠪᠦᠷᠢ ᠶᠢᠨ ᠠᠵᠤ ᠠᠬᠤᠶ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠬᠥᠭᠵᠢᠯᠲᠡ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ ᠬᠠᠶᠢᠷᠤᠪ ᠤᠨ ᠲᠤᠬᠤᠢ ᠲᠣᠭᠤᠷᠢᠭ ᠨᠢ ᠭᠤᠣᠯ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠢᠮᠠᠭᠲᠠ ᠡᠮᠦᠨ᠎ᠡ ᠨᠢ ᠶᠠᠪᠤᠵᠤ᠂ ᠵᠣᠷᠢᠭᠲᠠᠢ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠥᠨᠳᠥᠷ ᠦᠷ᠎ᠡ ᠠᠰᠢᠭ ᠲᠠᠢ᠂ ᠦᠷᠭᠦᠯᠵᠢᠯᠡᠬᠦ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠬᠢᠯᠳᠡᠳᠦ ᠬᠥᠭᠵᠢᠯᠲᠡ ᠶᠢᠨ ᠠᠷᠭ᠎ᠠ ᠬᠡᠯᠪᠡᠷᠢ ᠶᠢ ᠢᠳᠡᠪᠬᠢᠲᠡᠢ ᠰᠦᠪᠡᠭᠴᠢᠯᠡᠵᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠤᠨ᠎ᠠ ᠃      ᠣᠶᠢᠯᠠᠭᠠᠭᠰᠠᠨ ᠢᠶᠠᠷ᠂ ᠤᠯᠤᠰ ᠤᠨ ᠡᠨᠧᠷᠭᠢ ᠶᠢᠨ ᠯᠦᠩ ᠶᠤᠸᠠᠨ ᠤ ᠱᠡᠦ ᠥᠬᠡᠶᠢᠳᠡᠭᠦᠯᠬᠦ ᠲᠦᠷᠭᠡᠳᠬᠡᠭᠦᠷ ᠢ ᠶᠡᠷᠦᠩᠬᠡᠶᠢᠯᠡᠨ ᠠᠰᠢᠭᠯᠠᠬᠤ ᠲᠥᠷᠥᠯ ᠵᠤᠶᠢᠯ ᠪᠣᠯ ᠤᠯᠤᠰ ᠤᠨ ︽ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠬᠤ︾ ᠬᠦᠷᠢᠶᠡᠨ ᠳᠠᠬᠢ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠬᠠᠶᠠᠭᠳᠠᠮᠠᠯ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠭᠡᠳᠬᠡᠭᠦᠷ ᠡᠳ᠋ ᠢ ᠡᠭᠡᠭᠦᠯᠦᠨ ᠬᠤᠷᠢᠶᠠᠬᠤ ᠪᠠ ᠠᠴᠢᠶᠠᠯᠠᠪᠤᠷᠢ ᠶᠢ ᠳᠠᠬᠢᠨ ᠬᠡᠷᠡᠭᠯᠡᠬᠦ ᠮᠡᠷᠭᠡᠵᠢᠯ ᠢ ᠰᠤᠳᠤᠯᠤᠨ ᠨᠡᠭᠡᠭᠡᠬᠦ ᠵᠢᠴᠢ ᠠᠵᠤ ᠤᠶᠢᠯᠡᠤᠡᠪᠤᠷᠢ ᠶᠢᠨ ᠵᠢᠱᠢᠶ᠎ᠡ ᠦᠵᠡᠭᠦᠯᠬᠦ︾ ᠲᠥᠷᠥᠯ ᠵᠤᠶᠢᠯ ᠮᠥᠨ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠤ ᠤᠶᠢᠯᠡᠤᠡᠪᠤᠷᠢ ᠶᠢᠨ ᠲᠥᠷᠥᠯ ᠵᠤᠶᠢᠯ ᠮᠥᠨ᠃ ᠲᠦᠷᠦᠯ ᠵᠦᠢᠯ ᠢ ᠬᠠᠶᠢᠷᠤᠪ ᠤᠨ ᠲᠤᠬᠤᠢ ᠳᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠴᠢ ᠡᠷᠬᠢᠨ ᠲᠣᠭᠤᠷᠢᠨ ᠤ ᠢᠳᠡᠪᠬᠢ ᠪᠤᠰᠤ ᠨᠢᠳ᠋ᠷᠤ ᠥᠬᠡᠶᠢᠳᠡᠭᠦᠯᠬᠦ ᠲᠦᠷᠭᠡᠳᠬᠡᠭᠦᠷ ᠢ ᠰᠢᠢᠳᠪᠦᠷᠢᠯᠡᠨ ᠠᠰᠢᠭᠯᠠᠬᠤ ᠬᠡᠷᠡᠭᠴᠡᠭᠡ ᠶᠢ ᠪᠦᠲᠦᠮᠵᠢᠲᠡᠢ ᠪᠦᠷᠬᠦᠵᠦ᠂ ᠵᠢᠯ ᠪᠦᠷᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ 10 ᠲᠦᠮᠡᠨ ᠲᠣᠨ ᠣᠷᠴᠢᠮ ᠪᠠᠭᠠᠰᠬᠠᠬᠤ ᠶᠢ ᠪᠡᠶᠡᠯᠡᠭᠦᠯᠵᠦ᠂ ᠪᠦᠬᠦ ᠠᠵᠢᠯ ᠲᠦᠷᠦᠯ ᠳᠤ ᠳᠡᠯᠭᠡᠷᠡᠭᠦᠯᠦᠭᠰᠡᠨ ᠤ ᠳᠠᠷᠠᠭ᠎ᠠ ᠵᠢᠯ ᠪᠦᠷᠢ 100 ᠲᠦᠮᠡᠨ ᠲᠣᠨ ᠠᠴᠠ ᠳᠡᠭᠡᠭᠰᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠪᠡᠶᠡᠯᠡᠭᠦᠯᠬᠦ ᠶᠢᠨ ᠬᠠᠮᠲᠤ ᠸᠠᠳᠢᠨ ᠸᠣᠯᠹᠷᠠᠮ ᠤᠨ ᠲᠢᠲ᠋ᠠᠨ ᠤ ᠡᠬᠢ ᠪᠠᠶᠠᠯᠢᠭ ᠢ ᠮᠠᠯᠲᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠵᠢᠯ ᠲᠦᠷᠦᠯ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠰᠢᠨ᠎ᠡ ᠠᠷᠭ᠎ᠠ ᠵᠠᠮ ᠢ ᠨᠡᠭᠡᠭᠡᠵᠦ ᠥᠭᠭᠦᠨ᠎ᠡ᠃
640.jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号