ᠬᠠᠶᠢᠷᠤᠪ ᠤᠨ ᠲᠤᠬᠤᠢ ᠶᠢᠨ ᠲᠤᠷᠰᠢᠯᠭ᠎ᠠ᠂ ᠪᠦᠬᠦ ᠬᠤᠳᠠ ᠪᠠᠷ ᠢᠶᠠᠨ ᠰᠣᠯᠢᠯᠴᠠᠪᠠ
ᠨᠡᠶᠢᠲᠡᠯᠡᠭᠰᠡᠨ ᠴᠠᠭ᠄
2023/10/30
      10 ᠰᠠᠷ᠎ᠠ ᠶᠢᠨ 28᠎ ᠤ ᠡᠳᠦᠷ᠂ ᠦᠬᠠᠢ ᠬᠤᠳᠠ ᠶᠢᠨ ᠬᠠᠶᠢᠷᠤᠪ ᠤᠨ ᠲᠤᠬᠤᠢ ᠲᠣᠭᠤᠷᠢᠭ ᠤᠨ ᠭᠡᠷ ᠪᠠᠶᠢᠰᠢᠩ ᠤᠨ ᠪᠠᠷᠢᠯᠭ᠎ᠠ ᠶᠢᠨ ᠬᠤᠳᠠ ᠶᠢᠨ ᠶᠠᠪᠤᠳᠠᠯ ᠤᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠤᠬᠠᠢ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠭᠤᠸᠠᠩ ᠨᠠ ᠶᠡᠭᠡ ᠠᠰᠠᠷ ᠤᠨ ᠲᠦᠷᠦᠯ ᠵᠦᠢᠯ ᠳᠤ ᠤᠷᠤᠭᠰᠢᠲᠠᠢ ᠬᠤᠷᠠᠯᠳᠤᠪᠠ᠃ ᠦᠬᠠᠶ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠭᠤᠷᠪᠠᠨ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠱᠠᠲᠤᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠲᠠᠯᠪᠢᠬᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠦᠬᠠᠶ ᠬᠤᠲᠠ ᠶᠢᠨ ᠡᠯ᠎ᠡ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠡᠶᠢᠲᠡ 150 ᠭᠠᠷᠤᠶ ᠬᠥᠮᠦᠨ ᠲᠤᠬᠠᠶ ᠶᠢᠨ ᠲᠠᠯᠠᠪᠠᠶ ᠳᠤ ᠬᠦᠷᠴᠦ ᠬᠤᠷᠠᠯ ᠳᠤ ᠣᠷᠣᠯᠴᠠᠵᠠᠶ᠃      ᠬᠤᠷᠠᠯ ᠳᠤ ᠣᠷᠣᠯᠴᠠᠭᠰᠠᠳ ᠬᠤᠶᠠᠳᠤᠭᠠᠷ ᠤᠳᠠᠭᠠᠨ ᠤ ᠪᠦᠲᠦᠴᠡ ᠶᠢᠨ ᠦᠯᠢᠭᠡᠷ ᠳᠠᠭᠤᠷᠢᠶᠠᠯ᠂ ᠬᠥᠰᠢᠭᠡᠲᠦ ᠬᠡᠷᠡᠮ ᠤᠨ ᠦᠯᠢᠭᠡᠷ ᠳᠠᠭᠤᠷᠢᠶᠠᠯ᠂ ᠣᠶᠤᠨᠴᠢ ᠪᠠᠷᠢᠯᠭ᠎ᠠ ᠶᠢᠨ ᠭᠠᠵᠠᠷ ᠤᠨ ᠦᠯᠢᠭᠡᠷ ᠳᠠᠭᠤᠷᠢᠶᠠᠯ᠂ ᠮᠠᠰᠢᠨ ᠴᠠᠬᠢᠯᠭᠠᠨ ᠤ ᠦᠯᠢᠭᠡᠷ ᠳᠠᠭᠤᠷᠢᠶᠠᠯ᠂  ᠲᠦᠷᠢᠮ ᠠᠴᠠ ᠵᠥᠷᠢᠴᠡᠭᠰᠡᠨ ᠣᠶᠤᠨᠴᠢ ᠸᠢᠳᠢᠣ᠋ AI ᠢᠯᠭᠠᠨ ᠲᠠᠨᠢᠬᠤ᠂ ᠣᠶᠤᠨᠴᠢ ᠪᠠᠷ ᠨᠢᠭᠡ ᠴᠤᠬᠴᠠᠵᠢᠭᠤᠯᠤᠬᠰᠠᠨ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠦᠷᠳᠡᠭᠡ᠂ ᠤᠶᠤᠨᠴᠢᠯᠠᠭᠰᠠᠨ ᠠᠮᠤᠷ ᠲᠦᠪᠰᠢᠨ ᠤ ᠳᠠᠭᠤᠷᠢᠶᠠᠮᠠᠯ ᠪᠡᠶᠡᠴᠢᠯᠡᠨ ᠣᠶᠢᠯᠠᠭᠠᠬᠤ ᠲᠣᠭᠤᠷᠢᠭ ᠵᠡᠷᠭᠡ ᠲᠤᠯᠤᠭᠠᠨ ᠲᠠᠯ᠎ᠠ ᠶᠢ ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ᠂ ᠡᠯ᠎ᠡ ᠵᠦᠢᠯ ᠤᠨ ᠪᠠᠷᠢᠮᠵᠢᠶᠠᠵᠢᠭᠤᠯᠤᠯᠲᠠ ᠶᠢ ᠬᠡᠷᠡᠭᠵᠢᠭᠦᠯᠬᠦ ᠠᠵᠢᠯ ᠢ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠡᠯ᠎ᠡ ᠠᠵᠤ ᠠᠬᠤᠶᠢᠯᠠᠯ ᠤᠨ ᠪᠠᠷᠢᠯᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠳᠤ ᠵᠢᠱᠢᠶ᠎ᠡ ᠦᠵᠡᠭᠦᠯᠪᠡ᠃      ᠲᠣᠰ ᠤᠳᠠᠭᠠᠨ ᠤ ᠲᠣᠭᠤᠷᠢᠨ ᠦᠵᠡᠵᠦ ᠰᠣᠯᠢᠯᠴᠠᠬᠤ ᠨᠢ ᠡᠯ᠎ᠡ ᠪᠠᠶᠢᠭᠤᠯᠵᠤ ᠪᠠᠶᠢᠭ᠎ᠠ ᠲᠥᠷᠥᠯ ᠵᠦᠢᠯ ᠢ ᠬᠥᠲᠥᠯᠥᠨ ᠵᠢᠯᠣᠭᠤᠳᠴᠤ ᠬᠠᠷᠢᠯᠴᠠᠨ ᠰᠤᠷᠤᠯᠴᠠᠵᠤ᠂ ᠬᠠᠷᠢᠯᠴᠠᠨ ᠠᠬᠢᠭᠤᠯᠵᠤ᠂ ᠰᠡᠳᠬᠢᠴᠡ ᠪᠠᠨ ᠥᠷᠭᠡᠳᠬᠡᠵᠦ᠂ ᠲᠣᠰ ᠪᠡᠶ᠎ᠡ ᠶᠢᠨ ᠬᠦᠷᠦᠯᠴᠡᠬᠦ ᠦᠭᠡᠢ ᠲᠠᠯ᠎ᠠ ᠪᠠᠨ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ ᠶᠢ ᠬᠠᠶᠢᠨ ᠰᠦᠪᠡᠭᠴᠢᠯᠡᠵᠦ᠂ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢ ᠢᠳᠡᠪᠬᠢᠲᠡᠶ ᠪᠠᠷ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠦᠷᠭᠦᠯᠵᠢᠯᠡᠨ ᠲᠣᠭᠲᠠᠭᠤᠨ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ ᠶᠤᠮ᠃
640 (1).png
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号