ᠬᠠᠶᠢᠷᠤᠪ ᠤᠨ ᠲᠣᠬᠤᠢ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠬᠢᠨᠠᠬᠤ ᠠᠴᠠ ᠡᠮᠦᠨᠡᠬᠢ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2023/10/31
      ᠬᠢᠨᠠᠬᠤ ᠠᠴᠠ ᠡᠮᠦᠨᠡᠬᠢ ᠪᠠᠶᠢᠴᠠᠭᠠᠯᠲᠠ ᠪᠣᠯ ᠬᠢᠨᠠᠨ ᠪᠤᠳᠤᠬᠤ ᠵᠦᠢᠯᠡᠰ ᠢ ᠬᠡᠷᠡᠭᠵᠢᠭᠦᠯᠬᠦ ᠶᠢᠨ ᠤᠷᠢᠲᠠᠯ ᠪᠠ ᠰᠠᠭᠤᠷᠢ ᠮᠥᠨ᠂ ᠬᠢᠨᠠᠨ ᠪᠤᠳᠤᠬᠤ ᠶᠠᠰᠤ ᠴᠢᠨᠠᠷ ᠢ ᠴᠢᠩᠭᠠᠳᠬᠠᠬᠤ᠂ ᠬᠢᠨᠠᠨ ᠪᠤᠳᠤᠬᠤ ᠲᠦᠭᠰᠢᠭᠦᠷᠢ ᠶᠢ ᠰᠡᠷᠭᠡᠶᠢᠯᠡᠬᠦ ᠴᠢᠬᠤᠯᠠ ᠪᠠᠲᠤᠯᠠᠭ᠎ᠠ ᠮᠥᠨ᠃ ᠬᠠᠶᠢᠷᠤᠪ ᠤᠨ ᠲᠣᠬᠤᠢ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ︽ᠪᠣᠳᠠᠲᠠᠶ᠂ ᠨᠠᠷᠢᠯᠢᠭ᠂ ᠭᠦᠨᠵᠡᠭᠡᠶᠢᠷᠡᠬᠦ︾ ᠭᠤᠷᠪᠠᠨ ᠠᠯᠬᠤᠮ ᠤᠨ ᠠᠯᠬᠤᠮ ᠳᠠᠷᠠᠭ᠎ᠠ ᠶᠢᠨ ᠶᠣᠰᠣᠭᠠᠷ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠳᠤ ᠬᠢᠨᠠᠨ ᠬᠠᠷᠭᠤᠭᠤᠯᠬᠤ ᠠᠴᠠ ᠡᠮᠦᠨᠡᠬᠢ ᠪᠠᠶᠢᠴᠠᠭᠠᠯᠲᠠ ᠥᠷᠨᠢᠭᠦᠯᠵᠦ᠂ ᠬᠢᠨᠠᠨ ᠪᠤᠳᠤᠬᠤ ᠡᠲᠡᠭᠡᠳ ᠢ ᠪᠥᠬᠦ ᠲᠠᠯ᠎ᠠ ᠪᠠᠷ ᠤᠶᠢᠯᠠᠭᠠᠨ᠂ ᠠᠰᠠᠭᠤᠳᠠᠯ ᠤᠨ ᠦᠷ᠎ᠡ ᠪᠦᠲᠦᠭᠡᠯ ᠢᠶᠠᠷ ᠤᠳᠤᠷᠢᠳᠤᠮᠵᠢ ᠪᠣᠯᠭᠠᠨ᠂ ᠴᠢᠨᠠᠷ ᠰᠠᠶᠢᠲᠠᠶ ᠬᠢᠨᠠᠨ ᠪᠤᠳᠤᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠢᠨᠠᠨ ᠪᠤᠳᠤᠬᠤ ᠠᠵᠢᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠬᠢᠨᠠᠬᠤ ᠠᠴᠠ ᠡᠮᠦᠨᠡᠬᠢ ᠪᠠᠢᠴᠠᠭᠠᠯᠲᠠ ᠶᠢᠨ ᠶᠠᠰᠤ ᠴᠢᠨᠠᠷ ᠢ ᠪᠠᠲᠤᠯᠠᠨ᠎ᠠ᠃ ᠬᠢᠨᠠᠨ ᠪᠤᠳᠤᠬᠤ ᠳᠤᠭᠤᠶᠢᠯᠠᠩ ᠪᠠᠶᠢᠭᠤᠯᠬᠤ ᠪᠠᠷ ᠳᠠᠮᠵᠢᠭᠤᠯᠤᠨ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢᠨ ᠬᠤᠯᠪᠣᠭᠳᠠᠯ ᠪᠥᠬᠦᠶ ᠲᠥᠷᠥᠯ ᠵᠦᠢᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠵᠤ᠂ ᠬᠠᠮᠢᠶ᠎ᠠ ᠪᠥᠬᠦᠶ ᠮᠠᠲ᠋ᠧᠷᠢᠶᠠᠯ ᠤᠨ ᠦᠨᠳᠦᠰᠦᠨ ᠪᠠᠶᠢᠳᠠᠯ ᠢ ᠪᠠᠶᠢᠴᠠᠭᠠᠨ ᠦᠵᠡᠵᠦ᠂ ᠬᠢᠨᠠᠨ ᠪᠤᠳᠤᠬᠤ ᠬᠠᠷᠠᠯᠲᠠ ᠪᠠ ᠡᠭᠦᠷᠭᠡ ᠶᠢ ᠦᠨᠡᠨ ᠬᠦ ᠪᠠᠲᠤᠯᠠᠵᠤ᠂ ᠬᠢᠨᠠᠨ ᠪᠤᠳᠤᠬᠤ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃         ᠬᠢᠨᠠᠬᠤ ᠠᠴᠠ ᠡᠮᠦᠨᠡᠬᠢ ᠪᠠᠢᠴᠠᠭᠠᠯᠲᠠ ᠶᠢᠨ ᠦᠷ᠎ᠡ ᠪᠦᠲᠦᠮᠵᠢ ᠣᠯᠬᠤ ᠶᠢ ᠪᠠᠲᠤᠯᠠᠨ᠎ᠠ᠃ ᠬᠢᠨᠠᠨ ᠪᠤᠳᠤᠭᠳᠠᠵᠦ ᠪᠠᠶᠢᠭ᠎ᠠ ᠨᠢᠭᠡᠴᠡ ᠲᠠᠢ ᠲᠤᠬᠠᠶ ᠶᠢᠨ ᠲᠠᠯᠠᠪᠤᠷ ᠲᠤ ᠶᠠᠷᠢᠯᠴᠠᠬᠤ ᠬᠤᠷᠠᠯ ᠬᠢᠬᠦ᠂ ᠪᠠᠶᠢᠴᠠᠭᠠᠨ ᠯᠠᠪᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢᠨ ᠪᠣᠳᠠᠲᠠᠶ ᠪᠠᠶᠢᠳᠠᠯ ᠢ ᠡᠵᠡᠮᠰᠢᠵᠦ᠂ ᠪᠥᠲᠥᠭᠡᠨ ᠪᠠᠶᠢᠭᠤᠯᠬᠤ ᠨᠢᠭᠡᠴᠡ ᠶᠢᠨ ᠬᠠᠮᠢᠶᠠᠷᠤᠯᠲᠠ ᠶᠢᠨ ᠵᠠᠷᠤᠳᠠᠯ ᠤᠨ ᠠᠯᠪᠠᠨ ᠵᠠᠷᠤᠳᠠᠯ᠂ ᠬᠠᠶᠢᠨ ᠪᠠᠶᠢᠴᠠᠭᠠᠯᠲᠠ ᠶᠢᠨ ᠵᠠᠷᠤᠳᠠᠯ᠂ ᠵᠢᠷᠤᠭ ᠲᠥᠯᠥᠪᠯᠡᠭᠡ ᠶᠢᠨ ᠵᠠᠷᠤᠳᠠᠯ᠂ ᠬᠢᠨᠠᠨ ᠬᠠᠮᠢᠶᠠᠷᠬᠤ ᠵᠠᠷᠤᠳᠠᠯ᠂ ᠰᠤᠳᠤᠯᠵᠤ ᠭᠠᠷᠭᠠᠬᠤ ᠵᠠᠷᠤᠳᠠᠯ ᠵᠡᠷᠭᠡ ᠲᠡᠰᠬᠡᠨ ᠬᠤᠳᠠᠯᠳᠤᠬᠤ ᠪᠠᠷ ᠪᠠᠶᠢᠭ᠎ᠠ ᠪᠠᠯᠠ ᠣᠷᠣᠭᠤᠯᠤᠯᠲᠠ ᠳᠤ ᠦᠨᠳᠦᠰᠦ ᠪᠠᠷᠢᠮᠲᠠ ᠥᠬᠡᠶ᠂ ᠪᠠᠷᠢᠮᠵᠢᠶ᠎ᠠ ᠠᠴᠠ ᠬᠡᠲᠦᠷᠡᠭᠦᠯᠦᠨ ᠪᠣᠳᠣᠵᠤ ᠠᠪᠬᠤ ᠵᠡᠷᠭᠡ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠬᠢᠨᠠᠨ ᠪᠠᠶᠢᠴᠠᠭᠠᠪᠠ︔ ᠪᠠᠷᠢᠯᠭ᠎ᠠ ᠶᠢᠨ ᠦᠨ᠎ᠡ ᠶᠢᠨ ᠬᠢᠨᠠᠨ ᠪᠤᠳᠤᠯᠲᠠ ᠶᠢᠨ ᠪᠠᠶᠢᠳᠠᠯ ᠲᠠᠢ ᠤᠶᠠᠯᠳᠤᠭᠤᠯᠤᠨ ᠬᠢᠨᠠᠨ ᠬᠠᠮᠢᠶᠠᠷᠬᠤ ᠵᠠᠷᠤᠳᠠᠯ᠂ ᠵᠢᠷᠤᠭ ᠲᠥᠯᠥᠪᠯᠡᠭᠡ ᠶᠢᠨ ᠵᠠᠷᠤᠳᠠᠯ᠂ ᠪᠠᠷᠢᠯᠭ᠎ᠠ ᠶᠢᠨ ᠵᠣᠭᠤᠰ ᠵᠡᠷᠭᠡ ᠠᠴᠠ ᠬᠡᠲᠦᠷᠡᠭᠰᠡᠨ ᠠᠰᠠᠭᠤᠳᠠᠯ ᠢ ᠬᠢᠨᠠᠨ ᠪᠤᠳᠤᠬᠤ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠢᠨᠠᠬᠤ ᠠᠴᠠ ᠡᠮᠦᠨᠡᠬᠢ ᠪᠠᠶᠢᠴᠠᠭᠠᠯᠲᠠ ᠶᠢᠨ ᠦᠷ᠎ᠡ ᠪᠦᠲᠦᠮᠵᠢ ᠶᠢᠨ ᠴᠢᠨᠠᠷ ᠢ ᠨᠢ ᠪᠠᠲᠤᠯᠠᠪᠠ᠃      ᠬᠢᠨᠠᠬᠤ ᠠᠴᠠ ᠡᠮᠦᠨᠡᠬᠢ ᠪᠠᠢᠴᠠᠭᠠᠯᠲᠠ ᠶᠢᠨ ᠭᠦᠨᠵᠡᠭᠡᠢ ᠬᠢᠬᠦ ᠶᠢ ᠪᠠᠲᠤᠯᠠᠨ᠎ᠠ᠃ ᠴᠤᠭᠯᠠᠭᠤᠯᠤᠭᠰᠠᠨ ᠮᠠᠲ᠋ᠧᠷᠢᠶᠠᠯ ᠪᠠ ᠣᠶᠢᠯᠠᠭᠠᠭᠰᠠᠨ ᠪᠠᠶᠢᠳᠠᠯ ᠢ ᠵᠠᠳᠠᠯᠤᠨ ᠬᠤᠷᠢᠶᠠᠩᠭᠤᠶᠢᠯᠠᠬᠤ ᠪᠠᠷ ᠳᠠᠮᠵᠢᠭᠤᠯᠤᠨ᠂ ᠬᠢᠨᠠᠨ ᠪᠤᠳᠤᠭᠳᠠᠵᠦ ᠪᠠᠶᠢᠭ᠎ᠠ ᠡᠲᠡᠭᠡᠳ ᠤᠨ ᠣᠷᠣᠰᠢᠵᠤ ᠮᠡᠳᠡᠬᠦ ᠠᠰᠠᠭᠤᠳᠠᠯ ᠢ ᠦᠨᠡᠯᠡᠨ ᠵᠢᠱᠢᠵᠦ᠂ ᠲᠡᠭᠦᠨ ᠤ ᠬᠠᠮᠢᠶᠠᠷᠤᠯᠲᠠ ᠶᠢᠨ ᠳᠤᠮᠳᠠᠬᠢ ᠪᠠᠭᠤᠷᠠᠶ ᠭᠤᠭᠴᠤᠭ᠎ᠠ ᠪᠠ ᠲᠦᠭᠰᠢᠭᠦᠷᠢ ᠶᠢᠨ ᠴᠡᠭ ᠢ ᠣᠨᠣᠪᠴᠢᠲᠠᠶ ᠡᠷᠢᠵᠦ᠂ ᠬᠠᠨᠳᠤᠯᠭᠠᠲᠤ ᠴᠢᠨᠠᠷᠲᠠᠶ᠂ ᠬᠡᠷᠡᠭᠵᠢᠭᠦᠯᠵᠦ ᠪᠣᠯᠬᠤᠶᠢᠴᠠ ᠬᠢᠨᠠᠨ ᠪᠤᠳᠤᠬᠤ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠢᠨᠠᠨ ᠪᠤᠳᠤᠬᠤ ︽ᠰᠠᠨᠠᠭᠠᠴᠢᠯᠠᠭᠠᠲᠤ ᠳᠠᠶᠢᠯᠠᠯᠳᠤᠭᠠᠨ︾᠎ ᠢ ᠰᠠᠶᠢᠲᠤᠷ ᠬᠢᠵᠦ᠂ ᠲᠠᠷᠠᠭᠠᠴᠢ ᠶᠢᠨ ᠬᠢᠨᠠᠨ ᠪᠤᠳᠤᠬᠤ ᠠᠵᠢᠯ ᠢ ᠥᠷᠨᠢᠭᠦᠯᠬᠦ ᠳᠤ ᠵᠥᠪ ᠵᠢᠯᠣᠭᠤᠳᠣᠯᠭ᠎ᠠ ᠬᠠᠩᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号