ᠬᠠᠶᠢᠷᠤᠪ ᠤᠨ ᠲᠣᠬᠤᠢ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ
ᠨᠡᠶᠢᠲᠡᠯᠡᠭᠰᠡᠨ ᠴᠠᠭ᠄
2023/10/31
      ᠣᠶᠢᠷ᠎ᠠ ᠶᠢᠨ ᠵᠢᠯ ᠠᠴᠠ ᠨᠠᠰᠢ᠂ ᠬᠠᠶᠢᠷᠤᠪ ᠤᠨ ᠲᠣᠬᠤᠶ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠣᠯᠠᠨ ᠵᠤᠶᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠨᠠᠨ ᠪᠤᠳᠤᠬᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠪᠤᠳᠤᠬᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠄ ᠨᠢᠭᠡ ᠳᠤ᠂ ᠳᠣᠲᠣᠭᠠᠳᠤ ᠶᠢᠨ ᠬᠢᠨᠠᠯᠲᠠ ᠲᠠᠯᠪᠢᠬᠤ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠪᠠ᠃ ᠬᠢᠨᠠᠨ ᠪᠤᠳᠤᠬᠤ ᠮᠡᠳᠡᠭᠳᠡᠯ ᠤᠨ ᠪᠢᠴᠢᠭ ᠪᠠᠭᠤᠯᠭᠠᠬᠤ ᠠᠴᠠ ᠡᠮᠦᠨ᠎ᠡ᠂ ᠬᠢᠨᠠᠨ ᠪᠤᠳᠤᠬᠤ ᠰᠠᠬᠢᠯᠭ᠎ᠠ ᠪᠠᠲᠤ ᠶᠢᠨ ᠬᠢᠨᠠᠯᠲᠠ ᠶᠢᠨ ᠬᠦᠰᠦᠨᠦᠭᠲᠦ ᠶᠢ ᠬᠠᠮᠲᠤ ᠳᠤᠨᠢ ᠪᠠᠭᠤᠯᠭᠠᠨ᠎ᠠ︔ ᠬᠢᠨᠠᠨ ᠪᠤᠳᠤᠬᠤ ᠳᠤᠭᠤᠶᠢᠯᠠᠩ ᠤᠨ ᠪᠦᠷᠢᠯᠳᠦᠬᠦᠨ ᠢ ᠵᠣᠬᠢᠶᠠᠨ ᠪᠠᠶᠢᠭᠤᠯᠤᠨ ᠬᠢᠨᠠᠨ ᠪᠤᠳᠤᠬᠤ ︽ᠳᠥᠷᠪᠡ ᠶᠢ ᠴᠢᠩᠭ᠎ᠠ ᠴᠠᠭᠠᠵᠠᠯᠠᠬᠤ︾ ᠠᠵᠢᠯ ᠤᠨ ᠱᠠᠭᠠᠷᠳᠠᠯᠭ᠎ᠠ ᠪᠠ ︽ᠨᠠᠢᠮᠠ ᠶᠢ ᠥᠯᠥ ᠵᠥᠪᠰᠢᠶᠡᠷᠡᠬᠦ︾ ᠠᠵᠢᠯ ᠤᠨ ᠰᠠᠬᠢᠯᠭ᠎ᠠ ᠪᠠᠲᠤ ᠶᠢ ᠨᠠᠷᠢᠨ ᠬᠢᠨᠠᠮᠠᠭᠠᠶ ᠰᠤᠷᠤᠯᠴᠠᠭᠤᠯᠬᠤ ᠶᠢᠨ ᠬᠠᠮᠲᠤ ᠬᠢᠨᠠᠨ ᠪᠤᠳᠤᠬᠤ ᠳᠤᠭᠤᠶᠢᠯᠠᠩ ᠤᠨ 1 ᠨᠠᠮ ᠤᠨ ᠭᠡᠰᠢᠭᠦᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠢᠨᠠᠯᠲᠠ ᠲᠠᠯᠪᠢᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠬᠤ ᠶᠢᠨ ᠬᠠᠮᠲᠤ ᠬᠢᠨᠠᠨ ᠪᠤᠳᠤᠬᠤ ᠳᠤᠭᠤᠶᠢᠯᠠᠩ ᠤᠨ 1 ᠨᠠᠮ ᠤᠨ ᠭᠡᠰᠢᠭᠦᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠢᠨᠠᠯᠲᠠ ᠲᠠᠯᠪᠢᠭᠴᠢ ᠶᠢ ᠲᠣᠮᠢᠯᠠᠨ ᠬᠢᠨᠠᠨ ᠪᠤᠳᠤᠬᠤ ᠳᠤᠭᠤᠶᠢᠯᠠᠩ ᠤᠨ ᠰᠠᠬᠢᠯᠭ᠎ᠠ ᠪᠠᠲᠤ ᠶᠢᠨ ᠪᠠᠶᠢᠴᠠᠭᠠᠯᠲᠠ ᠶᠢ ᠴᠢᠩᠭᠠᠳᠬᠠᠨ᠎ᠠ︔ ᠬᠢᠨᠠᠨ ᠪᠤᠳᠤᠬᠤ ᠶᠠᠪᠤᠴᠠ ᠳᠤ ᠬᠠᠤᠯᠢ ᠶᠢ ᠪᠣᠯᠪᠠᠰᠤᠨ ᠢᠶᠠᠷ ᠬᠡᠷᠡᠭᠵᠢᠭᠦᠯᠵᠦ᠂ ᠲᠤᠬᠠᠢ ᠶᠢᠨ ᠲᠠᠯᠠᠪᠤᠷ ᠤᠨ ᠬᠢᠨᠠᠨ ᠪᠤᠳᠤᠬᠤ ᠶᠠᠪᠤᠴᠠ ᠳᠤ ᠬᠠᠤᠯᠢ ᠬᠡᠷᠡᠭᠵᠢᠭᠦᠯᠬᠦ ᠲᠡᠮᠳᠡᠭᠯᠡᠯ ᠢ ᠪᠦᠬᠦ ᠶᠠᠪᠤᠴᠠ ᠳᠤ ᠬᠠᠤᠯᠢ ᠬᠡᠷᠡᠭᠵᠢᠭᠦᠯᠬᠦ ᠲᠡᠮᠳᠡᠭᠯᠡᠯ ᠢ ᠵᠡᠭᠦᠯᠭᠡᠵᠦ᠂ ᠭᠡᠷᠡᠴᠢ ᠠᠪᠬᠤ ᠶᠠᠪᠤᠴᠠ ᠳᠤ ᠬᠠᠤᠯᠢ ᠬᠡᠷᠡᠭᠵᠢᠭᠦᠯᠬᠦ ᠦᠨᠡᠮᠯᠡᠯ ᠢ ᠭᠠᠷᠭᠠᠵᠤ ᠦᠵᠡᠭᠦᠯᠬᠦ ᠵᠡᠷᠭᠡ ᠶᠢ ᠪᠠᠲᠤᠯᠠᠨ᠎ᠠ︔ ᠬᠢᠨᠠᠨ ᠪᠤᠳᠤᠬᠤ ᠬᠡᠷᠡᠭᠵᠢᠭᠦᠯᠦᠯᠲᠡ ᠶᠢᠨ ᠳᠤᠮᠳᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠷᠬᠡᠪᠰᠢ ᠬᠢᠨᠠᠨ ᠪᠤᠳᠤᠬᠤ ᠠᠵᠢᠯ ᠤᠨ ᠠᠬᠢᠴᠠ ᠵᠢᠴᠢ ᠬᠢᠨᠠᠨ ᠪᠤᠳᠤᠬᠤ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠨᠢᠭᠡ ᠭᠠᠷᠠᠭ ᠤᠨ ᠮᠡᠳᠡᠭᠦᠯᠦᠯᠲᠡ ᠶᠢ ᠭᠠᠷᠠᠭ ᠪᠦᠷᠢ ᠨᠢᠭᠡ ᠤᠳᠠᠭ᠎ᠠ ᠰᠣᠨᠣᠰᠴᠤ᠂ ᠬᠢᠨᠠᠨ ᠪᠤᠳᠤᠬᠤ ᠨᠢᠭᠡᠳᠦᠭᠡᠷ ᠹᠷᠣᠨᠲ ᠲᠤ ᠲᠣᠭᠲᠠᠭᠰᠠᠨ ᠬᠤᠭᠤᠴᠠᠭᠠᠨ ᠳᠤ ᠣᠷᠣᠵᠤ᠂ ᠬᠢᠨᠠᠨ ᠪᠤᠳᠤᠬᠤ ᠠᠵᠢᠯᠲᠠᠳ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠶ᠃      ᠬᠤᠶᠠᠷ ᠲᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠠᠷᠢᠭᠤ ᠰᠤᠷᠪᠤᠯᠵᠢᠯᠠᠯ ᠢ ᠴᠢᠩᠭᠠᠳᠬᠠᠨ᠎ᠠ᠃ ᠬᠢᠨᠠᠨ ᠪᠤᠳᠤᠬᠤ ᠲᠥᠷᠥᠯ ᠵᠦᠢᠯ ᠳᠠᠭᠤᠰᠤᠭᠰᠠᠨ ᠤ ᠳᠠᠷᠠᠭ᠎ᠠ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠳ ︽ᠬᠢᠨᠠᠨ ᠪᠤᠳᠤᠬᠤ ᠳᠤᠭᠤᠶᠢᠯᠠᠩ ᠤᠨ ᠬᠢᠨᠠᠨ ᠪᠤᠳᠤᠬᠤ ᠰᠠᠬᠢᠯᠭ᠎ᠠ ᠪᠠᠲᠤ ᠶᠢ ᠬᠡᠷᠡᠭᠵᠢᠭᠦᠯᠦᠭᠰᠡᠨ ᠪᠠᠶᠢᠳᠠᠯ ᠢ ᠬᠠᠷᠢᠭᠤ ᠲᠤᠰᠬᠠᠬᠤ ᠺᠠᠷᠲ︾᠎ ᠤᠨ ᠰᠠᠨᠠᠯ ᠪᠠ ᠦᠨᠡᠯᠡᠯᠲᠡ ᠶᠢ ᠪᠠᠶᠢᠴᠠᠭᠠᠨ ᠦᠵᠡᠵᠦ᠂ ᠬᠢᠨᠠᠨ ᠪᠤᠳᠤᠬᠤ ᠳᠤᠭᠤᠶᠢᠯᠠᠩ ᠤᠨ ᠪᠦᠷᠢᠯᠳᠦᠬᠦᠨ ᠤ ᠬᠢᠨᠠᠨ ᠪᠤᠳᠤᠬᠤ ᠶᠢ ᠬᠡᠷᠡᠭᠵᠢᠭᠦᠯᠦᠭᠰᠡᠨ ᠬᠤᠭᠤᠴᠠᠭᠠᠨ ᠳᠤ ︽ᠬᠢᠨᠠᠨ ᠪᠤᠳᠤᠬᠤ ᠰᠠᠬᠢᠯᠭ᠎ᠠ ᠪᠠᠲᠤ ᠨᠠᠢᠮᠠ ᠶᠢ ᠥᠯᠥ ᠵᠥᠪᠰᠢᠶᠡᠷᠡᠬᠦ︾ ᠪᠠᠶᠢᠳᠠᠯ ᠢ ᠬᠠᠷᠢᠭᠤ ᠰᠤᠷᠪᠤᠯᠵᠢᠯᠠᠵᠤ᠂ ᠬᠢᠨᠠᠨ ᠪᠤᠳᠤᠬᠤ ᠠᠵᠢᠯᠲᠠᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠳᠠᠯ ᠳᠤ ᠬᠢᠨᠠᠯᠲᠠ ᠲᠠᠯᠪᠢᠬᠤ ᠪᠠ ᠬᠢᠨᠠᠨ ᠰᠢᠯᠭᠠᠨ᠎ᠠ᠃ ᠵᠢᠯ ᠤᠨ ᠡᠴᠦᠰ ᠲᠤ ᠠᠵᠢᠯ ᠲᠥᠷᠥᠯ ᠤᠨ ᠰᠤᠷᠲᠠᠯ ᠢ ᠦᠨᠡᠯᠡᠨ ᠶᠠᠷᠢᠯᠴᠠᠬᠤ ᠠᠵᠢᠯᠯᠠᠭ᠎ᠠ ᠥᠷᠨᠢᠭᠦᠯᠵᠦ᠂ ᠬᠢᠨᠠᠨ ᠪᠣᠳᠣᠯᠲᠠ ᠬᠢᠯᠭᠡᠬᠦ ᠨᠢᠭᠡᠴᠡ ᠶᠢᠨ ᠰᠠᠨᠠᠯ ᠪᠠ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠠᠵᠢᠯ ᠤᠨ ᠰᠤᠷᠲᠠᠯ ᠢᠶᠠᠨ ᠲᠠᠰᠤᠷᠠᠯᠲᠠ ᠤᠢᠭᠡᠢ ᠬᠠᠯᠠᠨ ᠰᠠᠶᠢᠵᠢᠷᠠᠭᠤᠯᠬᠤ ᠬᠡᠷᠡᠭᠲᠡᠶ᠃      ᠭᠤᠷᠪᠠ ᠳᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠯᠴᠠᠭ᠎ᠠ ᠬᠢᠬᠦ ᠶᠢ ᠪᠠᠶᠢᠩᠭᠤᠵᠢᠭᠤᠯᠪᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠶᠠᠷᠢᠯᠴᠠᠭ᠎ᠠ ᠶᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠤᠨ ᠪᠠᠶᠢᠴᠠᠭᠠᠵᠤ ᠬᠢᠨᠠᠨ ᠰᠢᠯᠭᠠᠬᠤ᠂ ᠬᠠᠷᠢᠭᠤᠴᠠᠯᠭ᠎ᠠ ᠪᠠ ᠠᠷᠢᠭᠤᠨ ᠴᠢᠬᠡᠴᠢ ᠶᠢ ᠲᠣᠭᠠᠴᠢᠬᠤ᠂ ᠲᠤᠰᠢᠶᠠᠯ ᠡᠭᠦᠷᠭᠡᠯᠡᠬᠦ ᠠᠴᠠ ᠡᠮᠦᠨᠡᠬᠢ ᠬᠥᠮᠦᠵᠢᠯ ᠤᠨ ᠴᠢᠬᠤᠯᠠ ᠠᠭᠤᠯᠭ᠎ᠠ ᠪᠠ ᠡᠷᠬᠡᠪᠰᠢ ᠲᠡᠰ ᠳᠠᠷᠠᠭᠠᠯᠠᠯ ᠪᠣᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠣᠷᠣᠰᠢᠵᠤ ᠪᠠᠶᠢᠭ᠎ᠠ ᠰᠤᠷᠲᠠᠯ᠂ ᠰᠠᠬᠢᠯᠭ᠎ᠠ ᠪᠠᠲᠤ ᠶᠢᠨ ᠠᠰᠠᠭᠤᠳᠠᠯ ᠢ ᠡᠷᠲᠡ ᠢᠯᠡᠷᠡᠭᠦᠯᠵᠦ᠂ ᠡᠷᠲᠡ ᠰᠠᠨᠠᠭᠤᠯᠵᠤ᠂ ᠡᠷᠲᠡ ᠵᠠᠯᠠᠷᠠᠭᠤᠯᠵᠤ᠂ ᠡᠷᠲᠡ ᠪᠠᠶᠢᠴᠠᠭᠠᠨ ᠰᠢᠢᠳᠪᠦᠷᠢᠯᠡᠵᠦ᠂ ᠴᠤᠬᠤᠶᠢᠯᠲᠠ ᠶᠢᠨ ᠴᠢᠨᠠᠷᠲᠠᠢ ᠪᠤᠶᠤ ᠨᠡᠶᠢᠭᠡᠮ ᠳᠤ ᠲᠤᠰᠬᠠᠯ ᠲᠠᠢ ᠬᠢᠨᠠᠨ ᠪᠤᠳᠤᠬᠤ ᠠᠵᠢᠯᠳᠠᠨ ᠢ ᠰᠡᠷᠡᠮᠵᠢᠯᠡᠭᠦᠯᠦᠨ ᠶᠠᠷᠢᠯᠴᠠᠵᠤ᠂ ᠪᠠᠭ᠎ᠠ ᠠᠰᠠᠭᠤᠳᠠᠯ ᠢ ᠶᠡᠭᠡ ᠠᠰᠠᠭᠤᠳᠠᠯ ᠪᠣᠯᠭᠠᠨ ᠬᠤᠪᠢᠷᠠᠭᠤᠯᠬᠤ ᠶᠢ ᠰᠡᠷᠭᠡᠶᠢᠯᠡᠵᠦ᠂ ᠶᠠᠷᠢᠯᠴᠠᠬᠤ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃      ᠳᠥᠷᠪᠡ ᠳᠤ ᠬᠢᠨᠠᠨ ᠪᠤᠳᠤᠬᠤ ᠠᠶᠤᠯ ᠲᠦᠭᠰᠢᠭᠦᠷᠢ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ ᠵᠢᠯ ᠤᠨ ᠡᠬᠢᠨ ᠳᠤ ᠡᠯ᠎ᠡ ᠰᠠᠯᠠᠭ᠎ᠠ ᠲᠠᠰᠤᠭ ᠥᠪᠡᠷ ᠤᠨ ᠬᠢᠨᠠᠨ ᠪᠤᠳᠤᠬᠤ ᠲᠥᠷᠥᠯ ᠵᠦᠢᠯ ᠤᠨ ᠣᠨᠴᠠᠯᠢᠭ ᠢᠶᠠᠨ ᠦᠨᠳᠦᠰᠦᠯᠡᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢᠨ ᠴᠡᠭ ᠪᠠ ᠬᠢᠨᠠᠨ ᠪᠤᠳᠤᠬᠤ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠭᠰᠡᠨ ᠪᠥᠭᠡᠳ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠪᠠ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠭᠰᠠᠨ ᠪᠥᠭᠡᠳ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠶᠠᠷᠢᠯᠴᠠᠵᠤ᠂ ᠠᠯᠳᠠᠰᠢ ᠭᠠᠷᠬᠤ ᠶᠢ ᠴᠠᠭ ᠲᠤᠬᠠᠶ ᠳᠤᠨᠢ ᠬᠤᠷᠢᠭᠯᠠᠵᠤ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号