ᠬᠠᠶᠢᠷᠤᠪ ᠤᠨ ᠲᠣᠬᠤᠢ ᠶᠢᠨ ᠪᠠᠰᠠ ᠨᠢᠭᠡᠨ ᠭᠤᠣᠯᠳᠠᠯᠭ᠎ᠠ ᠲᠠᠢ ᠲᠥᠷᠥᠯ ᠵᠦᠢᠯ ᠵᠢᠩᠬᠢᠨᠢ ᠪᠠᠷ ᠡᠬᠢᠯᠡᠪᠡ︕
ᠨᠡᠶᠢᠲᠡᠯᠡᠭᠰᠡᠨ ᠴᠠᠭ᠄
2023/10/31
10 ᠰᠠᠷ᠎ᠠ ᠶᠢᠨ 30᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠵᠢᠶᠦ᠋ᠨ ᠬᠤᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ︽ᠪᠠᠢ ᠮᠧᠢ ᠠᠶᠢᠯ ᠲᠣᠰᠬᠤᠨ︾᠎ ᠤ ᠲᠦᠷᠦᠯ ᠵᠦᠢᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃
640.jpg      ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠵᠢᠶᠦ᠋ᠨ ᠬᠤᠩ ᠣᠷᠴᠢᠨ ᠲᠣᠭᠤᠷᠢᠨ ᠤ
ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ 1500 ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ︽ᠪᠠᠢ ᠮᠧᠢ ᠠᠶᠢᠯ ᠲᠣᠰᠬᠤᠨ︾᠎ ᠤ ᠲᠦᠷᠦᠯ ᠵᠦᠢᠯ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠨ᠎ᠡ᠃      ᠼᠦᠢ ᠬᠤᠩ ᠪᠥᠸᠧ ᠢᠯᠡᠷᠬᠡᠶᠢᠯᠡᠬᠦ ᠳᠡᠭᠡᠨ᠂ ︽ᠪᠠᠢ ᠮᠧᠢ ᠲᠣᠰᠬᠤᠨ︾᠎ ᠤ ᠲᠦᠷᠦᠯ ᠵᠦᠢᠯ ᠤᠨ ᠣᠷᠣᠯᠴᠠᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠲᠦᠷᠦᠯ ᠵᠦᠢᠯ ᠢ ᠬᠡᠷᠡᠭᠵᠢᠭᠦᠯᠬᠦ ᠳᠤ ᠰᠢᠯᠢᠳᠡᠭ ᠣᠷᠴᠢᠨ ᠲᠣᠭᠤᠷᠢᠨ ᠢ ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠬᠠᠶᠢᠷᠤᠪ ᠤᠨ ᠲᠤᠬᠤᠢ ᠲᠣᠭᠤᠷᠢᠭ ᠲᠤ ᠰᠠᠶᠢᠲᠤᠷ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠤ ᠵᠤᠭᠠᠴᠠᠯ ᠤᠨ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠭᠤᠰᠤᠯᠴᠠᠨ ᠬᠥᠭᠵᠢᠬᠦ ᠵᠠᠭᠪᠤᠷ ᠢ ᠬᠠᠶᠢᠷᠤᠪ ᠤᠨ ᠲᠤᠬᠤᠢ ᠲᠣᠭᠤᠷᠢᠭ ᠲᠤ ᠭᠡᠷᠡᠴᠢᠯᠡᠵᠦ᠂ ᠬᠠᠶᠢᠷᠤᠪ ᠤᠨ ᠲᠤᠬᠤᠢ ᠲᠣᠭᠤᠷᠢᠭ ᠢ ᠰᠣᠶᠣᠯ ᠵᠤᠭᠠᠴᠠᠯ ᠤᠨ ᠲᠦᠷᠦᠯ ᠵᠦᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠦᠯᠢᠭᠡᠷ ᠳᠠᠭᠤᠷᠢᠶᠠᠯ ᠣᠷᠣᠨ᠂ ᠵᠢᠱᠢᠶ᠎ᠡ ᠦᠵᠡᠭᠦᠯᠬᠦ ᠣᠷᠣᠨ ᠪᠣᠯᠭᠠᠬᠤ ᠪᠠᠷ ᠴᠢᠷᠮᠠᠶᠢᠨ᠎ᠠ ᠭᠡᠵᠠᠢ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ ᠬᠡᠷᠡᠭᠵᠢᠭᠦᠯᠬᠦ ᠨᠥᠬᠦᠴᠡᠯ ᠲᠠᠢ ᠠᠶᠢᠯ ᠲᠣᠰᠬᠤᠨ ᠳᠤ ᠪᠦᠬᠦᠯᠢ ᠴᠣᠭᠴᠠ ᠶᠢᠨ ᠲᠥᠯᠥᠪᠵᠢᠭᠦᠯᠭᠡ ᠪᠠ ᠲᠤᠰᠬᠠᠶ ᠮᠡᠷᠭᠡᠵᠢᠯ ᠤᠨ ᠵᠢᠷᠤᠭ ᠲᠥᠯᠥᠪᠯᠡᠭᠡ ᠪᠠᠷ ᠳᠠᠮᠵᠢᠭᠤᠯᠤᠨ ᠤᠯᠠᠮᠵᠢᠯᠠᠯᠲᠤ ᠠᠶᠢᠯ ᠲᠣᠰᠬᠤᠨ᠂ ᠬᠠᠭᠤᠴᠢᠨ ᠠᠷᠠᠳ ᠤᠨ ᠣᠷᠣᠨ ᠰᠠᠭᠤᠴᠠ ᠳᠤ ᠳᠣᠲᠣᠭᠠᠳᠤ ᠶᠢᠨ ᠥᠭᠡᠷᠡᠴᠢᠯᠡᠯᠲᠡ ᠬᠢᠵᠦ᠂ ᠠᠶᠢᠯ ᠲᠣᠰᠬᠤᠨ ᠪᠠ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠢ ᠥᠷᠨᠢᠭᠦᠯᠬᠦ ᠪᠠᠷ ᠭᠤᠷᠪᠠᠨ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠪᠠᠶᠠᠵᠢᠯ ᠤᠨ ᠳᠠᠭᠠᠭᠤᠯᠤᠭᠴᠢ ᠪᠠ ᠵᠠᠯᠠᠭᠤᠴᠤᠳ ᠤᠨ ᠨᠤᠲᠤᠭ ᠲᠠᠭᠠᠨ ᠪᠤᠴᠠᠵᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠬᠥᠮᠦᠵᠢᠭᠦᠯᠵᠦ᠂ ᠲᠣᠰᠬᠤᠨ ᠤ ᠬᠤᠶᠠᠷ ᠵᠥᠪᠯᠡᠯ ᠪᠠ ᠬᠤᠷᠰᠢᠶ᠎ᠠ ᠳᠤ ᠲᠦᠰᠢᠭᠯᠡᠨ ᠠᠷᠠᠳᠴᠢᠯᠠᠯ ᠢᠶᠠᠷ ᠵᠥᠪᠳᠡᠯᠴᠡᠵᠦ᠂ ᠬᠤᠷᠰᠢᠶ᠎ᠠ ᠪᠠᠷ ᠠᠴᠢᠶᠠᠯᠠᠪᠤᠷᠢ ᠪᠣᠯᠭᠠᠵᠤ᠂ ᠪᠦᠷᠢᠯᠳᠦᠬᠦᠨ ᠢ ᠬᠠᠮᠲᠤ ᠪᠠᠷ ᠡᠳ᠋ᠯᠡᠬᠦ᠂ ᠠᠰᠢᠭ ᠲᠤᠰᠠ ᠶᠢ ᠬᠤᠯᠪᠣᠬᠤ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠬᠤᠪᠢ ᠬᠤᠷᠠᠮᠳᠤᠭᠤᠯᠬᠤ ᠬᠠᠮᠢᠶᠠᠷᠤᠯᠲᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢ ᠥᠷᠨᠢᠭᠦᠯᠵᠦ᠂ ᠡᠴᠦᠰ ᠲᠡᠭᠡᠨ ᠠᠶᠢᠯ ᠲᠣᠰᠬᠤᠨ ᠢ ᠠᠵᠤ ᠦᠢᠯᠡᠰ ᠢᠶᠠᠷ ᠴᠢᠩᠭ᠎ᠠ᠂ ᠠᠮᠢ ᠠᠬᠤᠢ ᠨᠢ ᠰᠠᠶᠢᠬᠠᠨ᠂ ᠰᠣᠶᠣᠯ ᠨᠢ ᠬᠥᠭᠵᠢᠭᠰᠡᠨ᠂ ᠲᠣᠭᠲᠠᠴᠠ ᠨᠢ ᠠᠮᠢᠳᠤᠯᠢᠭ᠂ ᠠᠷᠠᠳ ᠢᠷᠭᠡᠳ ᠪᠠᠶᠠᠨ ᠴᠢᠨᠡᠭᠡᠯᠢᠭ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠣᠰᠬᠤᠨ ᠪᠣᠯᠭᠠᠨ ᠪᠠᠶᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号