10 ᠰᠠᠷ᠎ᠠ ᠶᠢᠨ 30 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ | ᠪᠣᠯᠤᠨ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ | ᠥᠪᠥᠷ ᠮᠣᠩᠭᠤᠯ ᠤᠨ ᠵᠢᠶᠦ᠋ᠨ ᠬᠤᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ︽ᠪᠠᠢ ᠮᠧᠢ ᠠᠶᠢᠯ ᠲᠣᠰᠬᠤᠨ︾ ᠤ ᠲᠦᠷᠦᠯ ᠵᠦᠢᠯ ᠤᠨ ᠡᠬᠢᠯᠡᠯᠲᠡ ᠶᠢᠨ | ᠶᠣᠰᠣᠯᠠᠯ ᠶᠠᠪᠤᠭᠤᠯᠪᠠ᠃ |  ᠠᠵᠢᠯᠯᠠᠭ᠎ᠠ ᠶᠢᠨ ᠳᠤᠮᠳᠠ᠂ ᠥᠪᠥᠷ ᠮᠣᠩᠭᠤᠯ ᠤᠨ ᠵᠢᠶᠦ᠋ᠨ ᠬᠤᠩ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠳᠤᠮᠳᠠᠳᠤ ᠤᠯᠤᠰ ᠤᠨ ᠬᠥᠳᠡᠭᠡ | ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠤ 1500 ᠲᠦᠮᠡᠨ ᠲᠥᠭᠦᠷᠢᠭ ᠤᠨ ᠪᠡᠯᠡ | ᠮᠥᠩᠭᠦ ᠬᠠᠨᠳᠢᠪᠯᠠᠵᠤ᠂ ᠬᠠᠶᠢᠷᠤᠪ ᠤᠨ ᠲᠤᠬᠤᠢ ᠲᠣᠭᠤᠷᠢᠭ ᠤᠨ ︽ᠪᠠᠢ ᠮᠧᠢ ᠠᠶᠢᠯ ᠲᠣᠰᠬᠤᠨ︾ ᠤ ᠲᠦᠷᠦᠯ | ᠵᠦᠢᠯ ᠤᠨ ᠬᠥᠭᠵᠢᠯᠲᠡ ᠶᠢ ᠳᠡᠮᠵᠢᠬᠦ ᠳᠤ ᠬᠡᠷᠡᠭᠯᠡᠨ᠎ᠡ᠃ | ᠼᠦᠢ ᠬᠤᠩ ᠪᠥᠸᠧ ᠢᠯᠡᠷᠬᠡᠶᠢᠯᠡᠬᠦ ᠳᠡᠭᠡᠨ᠂ ︽ᠪᠠᠢ ᠮᠧᠢ ᠲᠣᠰᠬᠤᠨ︾ ᠤ ᠲᠦᠷᠦᠯ ᠵᠦᠢᠯ ᠤᠨ | ᠣᠷᠣᠯᠴᠠᠭᠰᠠᠨ ᠨᠢ ᠬᠠᠶᠢᠷᠤᠪ ᠤᠨ ᠲᠤᠬᠤᠢ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠬᠠᠶᠢᠷᠤᠪ ᠤᠨ ᠲᠤᠬᠤᠢ ᠲᠣᠭᠤᠷᠢᠭ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠢᠶᠠᠨ ᠳᠡᠮᠵᠢᠵᠦ᠂ ᠲᠦᠷᠦᠯ ᠵᠦᠢᠯ ᠢ ᠬᠡᠷᠡᠭᠵᠢᠭᠦᠯᠬᠦ ᠳᠤ ᠰᠢᠯᠢᠳᠡᠭ ᠣᠷᠴᠢᠨ ᠲᠣᠭᠤᠷᠢᠨ ᠢ ᠡᠭᠦᠳᠴᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠪᠦᠳᠦᠭᠡᠨ ᠪᠠᠶᠢᠭᠤᠯᠤᠯᠲᠠ ᠶᠢᠨ ᠲᠦᠷᠦᠯ | ᠵᠦᠢᠯ ᠢ ᠬᠠᠶᠢᠷᠤᠪ ᠤᠨ ᠲᠤᠬᠤᠢ ᠲᠣᠭᠤᠷᠢᠭ ᠲᠤ ᠰᠠᠶᠢᠲᠤᠷ ᠨᠠᠶᠢᠳᠠᠪᠤᠷᠢᠵᠢᠭᠤᠯᠬᠤ᠂ ᠬᠥᠳᠡᠭᠡ ᠲᠣᠰᠬᠤᠨ ᠤ | ᠵᠤᠭᠠᠴᠠᠯ ᠤᠨ ᠰᠣᠶᠣᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ | ᠠᠭᠤᠰᠤᠯᠴᠠᠨ ᠬᠥᠭᠵᠢᠬᠦ ᠵᠠᠭᠪᠤᠷ ᠢ ᠬᠠᠶᠢᠷᠤᠪ ᠤᠨ ᠲᠤᠬᠤᠢ ᠲᠣᠭᠤᠷᠢᠭ ᠲᠤ ᠭᠡᠷᠡᠴᠢᠯᠡᠵᠦ᠂ ᠬᠠᠶᠢᠷᠤᠪ ᠤᠨ ᠲᠤᠬᠤᠢ | ᠲᠣᠭᠤᠷᠢᠭ ᠢ ᠰᠣᠶᠣᠯ ᠵᠤᠭᠠᠴᠠᠯ ᠤᠨ ᠲᠦᠷᠦᠯ ᠵᠦᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠠᠬᠢᠭᠤᠯᠬᠤ ᠦᠯᠢᠭᠡᠷ ᠳᠠᠭᠤᠷᠢᠶᠠᠯ ᠣᠷᠣᠨ᠂ ᠵᠢᠱᠢᠶ᠎ᠡ ᠦᠵᠡᠭᠦᠯᠬᠦ ᠣᠷᠣᠨ ᠪᠣᠯᠭᠠᠬᠤ ᠪᠠᠷ ᠴᠢᠷᠮᠠᠶᠢᠨ᠎ᠠ ᠭᠡᠵᠠᠢ᠃ | ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ ᠬᠡᠷᠡᠭᠵᠢᠭᠦᠯᠬᠦ ᠨᠥᠬᠦᠴᠡᠯ ᠲᠠᠢ ᠠᠶᠢᠯ ᠲᠣᠰᠬᠤᠨ ᠳᠤ | ᠪᠦᠬᠦᠯᠢ ᠴᠣᠭᠴᠠ ᠶᠢᠨ ᠲᠥᠯᠥᠪᠵᠢᠭᠦᠯᠭᠡ ᠪᠠ ᠲᠤᠰᠬᠠᠶ ᠮᠡᠷᠭᠡᠵᠢᠯ ᠤᠨ ᠵᠢᠷᠤᠭ ᠲᠥᠯᠥᠪᠯᠡᠭᠡ ᠪᠠᠷ ᠳᠠᠮᠵᠢᠭᠤᠯᠤᠨ | ᠤᠯᠠᠮᠵᠢᠯᠠᠯᠲᠤ ᠠᠶᠢᠯ ᠲᠣᠰᠬᠤᠨ᠂ ᠬᠠᠭᠤᠴᠢᠨ ᠠᠷᠠᠳ ᠤᠨ ᠣᠷᠣᠨ ᠰᠠᠭᠤᠴᠠ ᠳᠤ ᠳᠣᠲᠣᠭᠠᠳᠤ ᠶᠢᠨ | ᠥᠭᠡᠷᠡᠴᠢᠯᠡᠯᠲᠡ ᠬᠢᠵᠦ᠂ ᠠᠶᠢᠯ ᠲᠣᠰᠬᠤᠨ ᠪᠠ ᠡᠷᠬᠢᠨ ᠲᠣᠭᠤᠷᠢᠨ ᠤ ᠠᠮᠢ ᠠᠬᠤᠶ ᠶᠢᠨ ᠣᠷᠴᠢᠨ ᠲᠣᠭᠤᠷᠢᠨ ᠢ | ᠬᠠᠮᠠᠭᠠᠯᠠᠨ ᠴᠡᠭᠴᠡᠯᠡᠨ ᠵᠠᠰᠠᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠢ ᠥᠷᠨᠢᠭᠦᠯᠬᠦ ᠪᠠᠷ | ᠭᠤᠷᠪᠠᠨ ᠠᠵᠤ ᠦᠢᠯᠡᠰ ᠤᠨ ᠠᠭᠤᠰᠤᠯᠴᠠᠯ ᠢ ᠠᠬᠢᠭᠤᠯᠵᠤ᠂ ᠬᠥᠳᠡᠭᠡ ᠲᠣᠰᠬᠤᠨ ᠤ ᠪᠠᠶᠠᠵᠢᠯ ᠤᠨ ᠳᠠᠭᠠᠭᠤᠯᠤᠭᠴᠢ | ᠪᠠ ᠵᠠᠯᠠᠭᠤᠴᠤᠳ ᠤᠨ ᠨᠤᠲᠤᠭ ᠲᠠᠭᠠᠨ ᠪᠤᠴᠠᠵᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠬᠥᠮᠦᠵᠢᠭᠦᠯᠵᠦ᠂ | ᠲᠣᠰᠬᠤᠨ ᠤ ᠬᠤᠶᠠᠷ ᠵᠥᠪᠯᠡᠯ ᠪᠠ ᠬᠤᠷᠰᠢᠶ᠎ᠠ ᠳᠤ ᠲᠦᠰᠢᠭᠯᠡᠨ ᠠᠷᠠᠳᠴᠢᠯᠠᠯ ᠢᠶᠠᠷ ᠵᠥᠪᠳᠡᠯᠴᠡᠵᠦ᠂ ᠬᠤᠷᠰᠢᠶ᠎ᠠ ᠪᠠᠷ | ᠠᠴᠢᠶᠠᠯᠠᠪᠤᠷᠢ ᠪᠣᠯᠭᠠᠵᠤ᠂ ᠪᠦᠷᠢᠯᠳᠦᠬᠦᠨ ᠢ ᠬᠠᠮᠲᠤ ᠪᠠᠷ ᠡᠳ᠋ᠯᠡᠬᠦ᠂ ᠠᠰᠢᠭ ᠲᠤᠰᠠ ᠶᠢ ᠬᠤᠯᠪᠣᠬᠤ ᠠᠰᠢᠭ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠬᠤᠪᠢ ᠬᠤᠷᠠᠮᠳᠤᠭᠤᠯᠬᠤ ᠬᠠᠮᠢᠶᠠᠷᠤᠯᠲᠠ ᠶᠢ | ᠬᠡᠷᠡᠭᠵᠢᠭᠦᠯᠵᠦ᠂ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢ ᠥᠷᠨᠢᠭᠦᠯᠵᠦ᠂ ᠡᠴᠦᠰ ᠲᠡᠭᠡᠨ ᠠᠶᠢᠯ | ᠲᠣᠰᠬᠤᠨ ᠢ ᠠᠵᠤ ᠦᠢᠯᠡᠰ ᠢᠶᠠᠷ ᠴᠢᠩᠭ᠎ᠠ᠂ ᠠᠮᠢ ᠠᠬᠤᠢ ᠨᠢ ᠰᠠᠶᠢᠬᠠᠨ᠂ ᠰᠣᠶᠣᠯ ᠨᠢ ᠬᠥᠭᠵᠢᠭᠰᠡᠨ᠂ | ᠲᠣᠭᠲᠠᠴᠠ ᠨᠢ ᠠᠮᠢᠳᠤᠯᠢᠭ᠂ ᠠᠷᠠᠳ ᠢᠷᠭᠡᠳ ᠪᠠᠶᠠᠨ ᠴᠢᠨᠡᠭᠡᠯᠢᠭ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠣᠰᠬᠤᠨ ᠪᠣᠯᠭᠠᠨ ᠪᠠᠶᠢᠭᠤᠯᠤᠨ᠎ᠠ᠃ |