ᠲᠠᠩ ᠢ ᠬᠠᠶᠢᠷᠤᠪ ᠤᠨ ᠲᠣᠬᠤᠢ ᠶᠢᠨ ᠲᠣᠭᠤᠷᠢᠭ ᠲᠤ ᠬᠦᠷᠴᠦ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠢ  ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠠᠢ
ᠨᠡᠶᠢᠲᠡᠯᠡᠭᠰᠡᠨ ᠴᠠᠭ᠄
2023/10/9
      10 ᠰᠠᠷ᠎ᠠ ᠶᠢᠨ 8  ᠤ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠠᠶᠢᠷᠤᠪ ᠤᠨ ᠲᠣᠬᠤᠢ ᠲᠣᠭᠤᠷᠢᠭ ᠲᠤ ᠬᠦᠷᠴᠦ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠬᠤᠳᠠ ᠶᠢᠨ ᠳᠡᠳ᠋ ᠳᠠᠷᠤᠭ᠎ᠠ ᠸᠠᠩ ᠵᠢᠢ ᠫᠢᠩ ᠣᠷᠣᠯᠴᠠᠪᠠ᠃
1.jpg     
      ᠲᠠᠩ ᠢ ᠡᠩ ᠲᠡᠷᠢᠭᠦᠨ ᠳᠤ ᠾᠥ᠋ᠩᠷᠢ ᠶᠢᠨ ᠨᠡᠭᠦᠷᠡᠰᠦ ᠤᠬᠢᠶᠠᠬᠤ ᠦᠢᠯᠡᠳᠪᠦᠷᠢ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠨᠡᠭᠦᠷᠡᠰᠦᠨ ᠴᠢᠯᠠᠭᠤ ᠰᠢᠭᠠᠷᠤ ᠶᠢᠨ ᠠᠭᠤᠯᠠ ᠶᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠳᠤ ᠬᠦᠷᠴᠦ᠂ ᠵᠠᠰᠠᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ᠲᠡᠷᠡ ᠬᠠᠶᠢᠷᠤᠪ ᠤᠨ ᠲᠣᠬᠤᠢ ᠲᠣᠭᠤᠷᠢᠭ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠡᠦᠬᠡ ᠶᠢᠨ ᠬᠠᠷᠢᠭᠤᠴᠠᠯᠭᠠᠲᠤ ᠰᠡᠳᠬᠢᠯᠭᠡ ᠪᠠᠨ ᠴᠢᠨᠠᠭᠰᠢᠳᠠ ᠴᠢᠩᠭᠠᠳᠬᠠᠵᠤ᠂ ᠠᠮᠢ ᠠᠬᠤᠢ ᠶᠢ ᠰᠡᠷᠭᠦᠭᠡᠬᠦ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠵᠦᠢᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠨᠡᠨᠬᠦ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃ᠠᠭᠤᠷᠬᠠᠢ ᠶᠢᠨ ᠵᠠᠰᠠᠯᠲᠠ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠰᠡᠷᠭᠦᠭᠡᠬᠦ ᠲᠥᠰᠥᠯ ᠢ ᠵᠦᠢ ᠵᠣᠬᠢᠰᠲᠠᠢ ᠲᠣᠭᠲᠠᠭᠠᠨ᠂ ᠠᠭᠤᠷᠬᠠᠢ ᠶᠢᠨ ᠰᠡᠷᠭᠦᠭᠡᠯᠲᠡ ᠶᠢ ᠵᠠᠰᠠᠬᠤ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠰᠦᠪᠡᠭᠴᠢᠯᠡᠵᠦ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ᠃ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠢ ᠱᠠᠯᠠᠪᠳᠠᠭᠤᠯᠤᠨ ᠠᠭᠤᠷᠬᠠᠢ ᠶᠢᠨ ᠠᠮᠢ ᠠᠬᠤᠢ ᠶᠢ ᠰᠡᠷᠭᠦᠭᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠯᠭᠡᠵᠦ᠂ ᠵᠠᠰᠠᠯᠲᠠ ᠶᠢᠨ ᠦᠷ᠎ᠡ ᠪᠦᠲᠦᠮᠵᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ᠠᠭᠤᠷᠬᠠᠢ ᠶᠢᠨ ᠡᠯ᠎ᠡ ᠲᠠᠯ᠎ᠠ ᠶᠢᠨ ᠠᠮᠤᠷ ᠲᠦᠪᠰᠢᠨ ᠤ ᠬᠡᠮ ᠰᠣᠭᠤᠭ ᠢ ᠴᠢᠩᠭ᠎ᠠ ᠨᠢᠮᠪᠠᠢ ᠵᠢᠭᠰᠠᠭᠠᠨ ᠪᠠᠶᠢᠴᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠤ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠬᠡᠷᠡᠭᠲᠡᠢ᠃ ᠭᠠᠨᠳᠧᠷ ᠭᠤᠣᠯ ᠤᠨ ᠺᠠᠪᠦ᠋ᠴᠢ ᠭᠤᠤ ᠶᠢᠨ ᠬᠠᠶᠠᠭᠳᠠᠮᠠᠯ ᠡᠯᠡᠰᠦ ᠮᠠᠯᠲᠠᠬᠤ ᠲᠠᠯᠠᠪᠠᠢ ᠳᠤ᠂ ᠲᠠᠩ ᠢ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠶᠢᠨ ᠲᠦᠷᠦᠯ ᠵᠦᠢᠯ ᠤᠨ ᠠᠬᠢᠴᠠ ᠪᠣᠯᠣᠨ ᠦᠷ᠎ᠡ ᠪᠦᠲᠦᠮᠵᠢ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠪᠡ᠃ᠲᠡᠷᠡ᠂ ᠣᠷᠴᠢᠨ ᠲᠣᠭᠤᠷᠢᠨ ᠤ ᠵᠠᠰᠠᠯᠲᠠ ᠶᠢᠨ︽ᠰᠡᠭᠦᠯᠴᠢ ᠶᠢᠨ ᠬᠠᠭᠠᠰ ᠶᠠᠪᠤᠳᠠᠯ︾  ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠰᠠᠭᠤᠳᠠᠯ ᠡᠭᠦᠰᠬᠦ ᠶᠢ ᠡᠬᠢ ᠡᠭᠦᠰᠦᠯ ᠠᠴᠠ ᠨᠢ ᠦᠨᠡᠨᠬᠦ ᠬᠤᠷᠢᠭᠯᠠᠵᠤ᠂ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠨᠢ‌ᠠᠬᠢᠭᠤᠯᠬᠤ ᠬᠡᠷᠡᠭᠲᠡᠢ ᠭᠡᠵᠦ ᠬᠡᠯᠡᠪᠡ᠃      ᠴᠡᠭᠡᠯ ᠠᠭᠤᠯᠠ ᠪᠠᠯᠭᠠᠰᠤᠨ ᠤ ᠰᠢᠨ ᠶᠤᠸᠠᠨ ᠨᠡᠶᠢᠭᠡᠮ ᠲᠣᠭᠤᠷᠢᠭ ᠤᠨ ᠮᠣᠳᠣᠨ ᠮᠠᠲ᠋ᠧᠷᠢᠶᠠᠯ ᠪᠣᠯᠪᠠᠰᠤᠷᠠᠭᠤᠯᠬᠤ ᠦᠢᠯᠡᠳᠪᠦᠷᠢ ᠳᠤ᠂ ᠲᠠᠩ ᠢ ᠲᠤᠬᠠᠢ ᠶᠢᠨ ᠲᠠᠯᠠᠪᠠᠢ ᠳᠤ ᠦᠢᠯᠡᠳᠪᠦᠷᠢ ᠶᠢᠨ ᠲᠣᠭᠤᠷᠢᠭ ᠲᠤ ᠣᠷᠣᠰᠢᠵᠤ ᠪᠠᠶᠢᠭ᠎ᠠ ᠠᠰᠠᠭᠤᠳᠠᠯ ᠤᠨ ᠬᠡᠮ ᠰᠣᠭᠤᠭ ᠢ ᠵᠢᠭᠠᠵᠤ ᠭᠠᠷᠭᠠᠭᠰᠠᠨ ᠪᠥᠭᠡᠳ ᠲᠣᠳᠣᠷᠬᠠᠢ ᠱᠠᠭᠠᠷᠳᠠᠯᠭ᠎ᠠ ᠳᠤᠷᠠᠳᠴᠠᠢ᠃ᠲᠡᠷᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠤᠬᠠᠮᠰᠠᠷ ᠢᠶᠠᠨ ᠴᠢᠩᠭᠠᠳᠬᠠᠵᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠠᠵᠢᠯᠯᠠᠭ᠎ᠠ ᠶᠢ ᠵᠢᠷᠤᠮᠵᠢᠭᠤᠯᠵᠤ᠂ ᠡᠳᠦᠷ ᠲᠤᠳᠤᠮ ᠤᠨ ᠠᠷᠢᠭᠤᠨ ᠴᠡᠪᠡᠷ ᠢ ᠴᠢᠩᠭᠠᠳᠬᠠᠵᠤ᠂ ᠱᠤᠤᠭᠢᠶᠠᠨ ᠢ ᠪᠠᠭᠤᠷᠠᠭᠤᠯᠤᠨ ᠲᠣᠭᠤᠰᠣ ᠶᠢ ᠬᠤᠷᠢᠭᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠠᠮᠤᠷ ᠲᠦᠪᠰᠢᠨ ᠤ ᠪᠠᠷᠢᠮᠵᠢᠶ᠎ᠠ ᠳᠤ ᠬᠦᠷᠭᠡᠬᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠭᠡᠬᠦ ᠶᠢ ᠨᠢ ᠪᠠᠲᠤᠯᠠᠬᠤ ᠬᠡᠷᠡᠭᠲᠡᠢ ᠭᠡᠵᠦ ᠵᠠᠬᠢᠪᠠ᠃ 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号