ᠴᠢᠶ᠋ᠢᠦ ᠲᠣᠰᠣ ᠴᠠᠶᠢᠶ᠋ᠢᠦ ᠲᠣᠰᠣᠨ ᠤ ᠦᠨ᠎ᠡ ᠪᠠᠭᠤᠷᠠᠪᠠ
ᠨᠡᠶᠢᠲᠡᠯᠡᠭᠰᠡᠨ ᠴᠠᠭ᠄
2023/11/10
      ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 7᠎ ᠤ ᠡᠳᠦᠷ ᠮᠡᠳᠡᠭᠡ ᠨᠡᠶᠢᠲᠡᠯᠡᠵᠦ᠂  ᠣᠶᠢᠷ᠎ᠠ ᠶᠢᠨ ᠬᠤᠭᠤᠴᠠᠭᠠᠨ ᠤ ᠣᠯᠠᠨ ᠤᠯᠤᠰ ᠤᠨ ᠵᠠᠬ᠎ᠠ ᠳᠡᠯᠭᠡᠭᠦᠷ ᠤᠨ ᠲᠣᠰᠣᠨ ᠤ ᠦᠨ᠎ᠡ ᠶᠢᠨ  ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠪᠣᠯᠪᠠᠰᠤᠷᠠᠭᠤᠯᠤᠭᠰᠠᠨ  ᠲᠣᠰᠣᠨ ᠤ ᠦᠨ᠎ᠡ ᠶᠢ ᠲᠣᠭᠲᠠᠭᠠᠬᠤ ᠲᠣᠭᠲᠠᠴᠠ ᠶᠢ ᠦᠨᠳᠦᠰᠦᠯᠡᠨ᠂ 2023 ᠣᠨ ᠤ 11 ᠰᠠᠷ᠎ᠠ ᠶᠢᠨ 7᠎ ᠤ   24 ᠴᠠᠭ ᠠᠴᠠ ᠡᠬᠢᠯᠡᠨ᠂ ᠤᠯᠤᠰ ᠤᠨ ᠳᠣᠲᠣᠭᠠᠳᠤ ᠶᠢᠨ ᠴᠢᠶ᠋ᠢᠦ ᠲᠣᠰᠣ᠂ ᠴᠠᠶᠢᠶ᠋ᠢᠦ ᠲᠣᠰᠣᠨ ᠤ ᠦᠨ᠎ᠡ ᠶᠢ ᠲᠣᠨ  ᠪᠦᠷᠢ ᠳᠤ ᠲᠣᠰ ᠲᠣᠰ 140 ᠲᠥᠭᠦᠷᠢᠭ᠂ 135 ᠲᠥᠭᠦᠷᠢᠭ ᠪᠠᠭᠤᠷᠠᠭᠤᠯᠤᠨ᠎ᠠ ᠭᠡᠵᠡᠢ᠃            ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ  ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠪᠦᠯᠦᠭᠯᠡᠯ᠂  ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ᠂ ᠳᠤᠮᠳᠠᠳᠤ ᠤᠯᠤᠰ ᠤᠨ  ᠲᠡᠯᠡᠶ ᠶᠢᠨ ᠴᠢᠯᠠᠭᠤᠨ ᠲᠣᠰᠣᠨ ᠤ ᠪᠦᠯᠦᠭᠯᠡᠯ ᠵᠡᠷᠭᠡ ᠭᠤᠷᠪᠠᠨ ᠶᠡᠭᠡ ᠺᠤᠮᠫᠠᠨᠢ ᠵᠢᠴᠢ ᠪᠤᠰᠤᠳ ᠲᠦᠭᠦᠬᠡᠢ ᠴᠢᠯᠠᠭᠤᠨ  ᠲᠣᠰᠣ ᠪᠤᠯᠪᠠᠰᠤᠷᠠᠭᠤᠯᠬᠤ ᠠᠵᠤ ᠠᠬᠤᠶᠢᠯᠠᠯ ᠤᠳ ᠴᠢᠯᠠᠭᠤᠨ ᠲᠣᠰᠣ ᠪᠣᠯᠪᠠᠰᠤᠷᠠᠭᠤᠯᠤᠨ ᠦᠢᠯᠡᠳᠪᠦᠷᠢᠯᠡᠬᠦ ᠪᠠ  ᠰᠢᠯᠵᠢᠭᠦᠯᠦᠨ ᠲᠡᠭᠡᠭᠡᠪᠦᠷᠢᠯᠡᠬᠦ ᠠᠵᠢᠯ ᠢᠶᠠᠨ ᠰᠠᠶᠢᠲᠤᠷ ᠵᠣᠬᠢᠶᠠᠨ ᠪᠠᠶᠢᠭᠤᠯᠵᠤ᠂ ᠵᠠᠬ᠎ᠠ ᠳᠡᠯᠭᠡᠭᠦᠷ ᠤᠨ ᠲᠣᠭᠲᠠᠭᠤᠨ  ᠬᠠᠩᠭᠠᠯᠭ᠎ᠠ ᠶᠢ ᠦᠨᠡᠨ ᠬᠦ ᠪᠠᠲᠤᠯᠠᠵᠤ᠂ ᠤᠯᠤᠰ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ  ᠬᠡᠷᠡᠭᠵᠢᠭᠦᠯᠬᠦ ᠬᠡᠷᠡᠭᠲᠡᠢ᠃ ᠡᠯ᠎ᠡ ᠭᠠᠵᠠᠷ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠵᠠᠬ᠎ᠠ ᠳᠡᠯᠭᠡᠭᠦᠷ ᠲᠤ ᠬᠢᠨᠠᠯᠲᠠ  ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠦᠨ᠎ᠡ ᠬᠠᠩᠰᠢ ᠶᠢᠨ ᠲᠥᠷᠥ ᠶᠢᠨ  ᠪᠣᠳᠣᠯᠭ᠎ᠠ ᠶᠢ ᠬᠡᠷᠡᠭᠵᠢᠭᠦᠯᠬᠦ ᠦᠭᠡᠢ ᠪᠠᠶᠢᠭ᠎ᠠ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠵᠠᠬ᠎ᠠ  ᠳᠡᠯᠭᠡᠭᠦᠷ ᠤᠨ ᠬᠡᠪ ᠤᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃ ᠬᠡᠷᠡᠭᠯᠡᠭᠴᠢᠳ 12315 ᠲᠠᠪᠴᠠᠩ ᠳᠤ  ᠦᠨ᠎ᠡ ᠬᠠᠩᠰᠢ ᠶᠢᠨ ᠲᠤᠬᠠᠢ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠵᠦ  ᠪᠣᠯᠣᠨ᠎ᠠ ᠭᠡᠵᠡᠢ᠃            ᠲᠣᠰ ᠡᠭᠡᠯᠵᠢ ᠶᠢᠨ ᠪᠣᠯᠪᠠᠰᠤᠷᠠᠭᠤᠯᠤᠭᠰᠠᠨ ᠲᠣᠰᠣᠨ ᠤ ᠦᠨ᠎ᠡ ᠶᠢ ᠲᠣᠬᠢᠷᠠᠭᠤᠯᠬᠤ ᠦᠶᠡᠯᠡᠯ ᠤᠨ  ᠬᠤᠭᠤᠴᠠᠭᠠᠨ ᠳᠤ ᠣᠯᠠᠨ ᠤᠯᠤᠰ ᠤᠨ ᠲᠣᠰᠣᠨ ᠤ ᠦᠨ᠎ᠡ ᠪᠠᠭᠤᠷᠠᠪᠠ᠃ ᠤᠯᠤᠰ ᠤᠨ ᠬᠥᠭᠵᠢᠭᠦᠯᠦᠯᠲᠡ ᠪᠠ  ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢ ᠬᠢᠨᠠᠨ ᠬᠡᠮᠵᠢᠬᠦ ᠲᠥᠪ ᠤᠨ ᠵᠢᠱᠢᠯᠲᠡ ᠪᠠᠷ᠂ ᠣᠬᠤᠷ  ᠬᠤᠭᠤᠴᠠᠭᠠᠨ ᠠᠴᠠ ᠦᠵᠡᠪᠡᠯ᠂ ᠣᠯᠠᠨ ᠤᠯᠤᠰ ᠤᠨ ᠲᠣᠰᠣᠨ ᠤ ᠦᠨ᠎ᠡ ᠬᠠᠩᠰᠢ ᠵᠣᠬᠢᠰᠲᠠᠢ ᠬᠡᠪᠴᠢᠶᠡᠨ ᠳᠤ  ᠬᠡᠯᠪᠡᠯᠵᠡᠨ᠎ᠡ᠃     (ᠰᠢᠨᠬᠤᠸᠠ ᠬᠤᠷᠢᠶ᠎ᠠ ᠶᠢᠨ ᠪᠡᠭᠡᠵᠢᠩ ᠤᠨ 11 ᠰᠠᠷ᠎ᠠ ᠶᠢᠨ 7᠎ ᠤ ᠴᠠᠭᠢᠯᠭᠠᠨ ᠮᠡᠳᠡᠭᠡ︶      
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠠ ᠮᠡᠳᠡᠭᠡ ᠶᠢᠨ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号