ᠴᠢᠬᠤᠯᠠ︕ ᠬᠠᠶᠢᠷᠤᠪ ᠤᠨ ᠲᠤᠬᠤᠢ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠦᠷᠦᠯ ᠲᠠᠢ ᠬᠤᠯᠪᠤᠭᠳᠠᠨ᠎ᠠ
ᠨᠡᠶᠢᠲᠡᠯᠡᠭᠰᠡᠨ ᠴᠠᠭ᠄
2023/11/13
      ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠠᠳᠠᠯ ᠠᠬᠤᠶ ᠶᠢᠨ ᠤᠶᠢᠯᠡᠴᠢᠯᠡᠭᠡᠨ ᠤ ᠠᠵᠢᠯ ᠲᠥᠷᠥᠯ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠬᠤᠲᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠬᠠᠶᠢᠷᠤᠪ ᠤᠨ ᠲᠣᠬᠤᠶ ᠲᠣᠭᠤᠷᠢᠭ ᠤᠨ 14 ᠠᠳᠠᠯ ᠠᠬᠤᠶ ᠶᠢᠨ ᠠᠵᠤ ᠠᠬᠤᠶᠢᠯᠠᠯ ᠤᠨ 24 ᠭᠡᠰᠢᠭᠦᠨ ᠤ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠠᠴᠠ ᠬᠠᠶᠢᠷᠤᠪ ᠤᠨ ᠲᠤᠬᠤᠢ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠤᠨ ᠠᠩᠬᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠨᠢ ᠰᠣᠨᠣᠰᠪᠠ︔ ᠬᠠᠶᠢᠷᠤᠪ ᠤᠨ ᠲᠤᠬᠤᠢ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠠᠵᠢᠯᠴᠢᠨ ᠤ ᠡᠪᠯᠡᠯ ᠤᠨ ᠰᠣᠩᠭᠤᠭᠤᠯᠢ ᠶᠢᠨ ᠠᠷᠭ᠎ᠠ ︵ᠲᠥᠰᠦᠯ︶᠎ ᠶᠢ ᠪᠠᠲᠤᠯᠠᠪᠠ︔ ᠬᠠᠶᠢᠷᠤᠪ ᠤᠨ ᠲᠤᠬᠤᠢ ᠲᠣᠭᠤᠷᠢᠭ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠠᠵᠢᠯᠴᠢᠨ ᠤ ᠡᠪᠯᠡᠯ ᠤᠨ ᠠᠩᠬᠠᠳᠤᠭᠠᠷ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ ᠤᠨ ᠭᠡᠰᠢᠭᠦᠨ᠂ ᠠᠩᠬᠠᠳᠤᠭᠠᠷ ᠬᠤᠭᠤᠴᠠᠭᠠᠨ ᠤ ᠠᠵᠢᠯᠴᠢᠨ ᠤ ᠡᠪᠯᠡᠯ ᠤᠨ ᠵᠥᠪᠯᠡᠯ ᠤᠨ ᠲᠡᠷᠢᠭᠦᠯᠡᠭᠴᠢ᠂ ᠵᠠᠷᠤᠳᠠᠯ ᠢ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠡᠮᠡᠭᠲᠡᠢ ᠠᠵᠢᠯᠳᠠᠨ ᠠᠵᠢᠯᠴᠢᠨ ᠤ ᠵᠥᠪᠯᠡᠯ ᠤᠨ ᠡᠷᠬᠢᠯᠡᠭᠴᠢ ᠶᠢ ᠰᠣᠩᠭᠤᠪᠠ᠃      ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠪᠣᠯ ᠬᠤᠲᠠ ᠶᠢᠨ ᠠᠵᠢᠯᠯᠠᠭᠠᠨ ᠤ ᠴᠢᠬᠤᠯᠠ ᠲᠤᠯᠭᠠᠭᠤᠷᠢᠯᠠᠯ ᠮᠥᠨ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠡᠭᠦᠷᠭᠡᠯᠡᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠬᠦ ᠬᠠᠷᠢᠭᠤᠴᠠᠯᠭ᠎ᠠ ᠶᠢ ᠡᠭᠦᠷᠭᠡᠯᠡᠵᠦ᠂ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠨᠡᠮᠡᠭᠳᠡᠭᠦᠯᠬᠦ ᠳᠤ ᠣᠷᠣᠯᠠᠭᠤᠯᠵᠤ ᠪᠣᠯᠤᠰᠢ ᠥᠬᠡᠶ ᠦᠢᠯᠡᠳᠦᠯ ᠦᠵᠡᠭᠦᠯᠵᠦ ᠪᠠᠶᠢᠨ᠎ᠠ᠃ ᠠᠳᠠᠯ ᠠᠬᠤᠢ ᠶᠢᠨ ᠠᠵᠢᠯ ᠲᠥᠷᠥᠯ ᠤᠨ ᠠᠵᠢᠯ ᠡᠷᠭᠢᠯᠡᠭᠰᠡᠳ ᠤᠨ ᠠᠰᠢᠭ ᠲᠤᠰᠠ ᠶᠢ ᠦᠨᠡᠨᠴᠢ ᠪᠠᠷ ᠬᠠᠯᠠᠮᠵᠢᠯᠠᠵᠤ ᠪᠠᠶᠢᠭ᠎ᠠ ᠳᠤ ᠰᠠᠭᠤᠷᠢᠯᠠᠨ᠂ ᠠᠳᠠᠯ ᠠᠬᠤᠢ ᠶᠢᠨ ᠠᠵᠢᠯ ᠲᠥᠷᠥᠯ ᠤᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ ᠢ ᠪᠠᠶᠢᠭᠤᠯᠵᠤ᠂ ᠠᠵᠢᠯᠴᠢᠨ ᠤ ᠡᠪᠯᠡᠯ ᠤᠨ ᠠᠵᠢᠯᠯᠠᠭ᠎ᠠ᠂ ᠵᠥᠪᠳᠡᠯᠴᠡᠨ ᠬᠡᠯᠡᠯᠴᠡᠭᠡ ᠬᠢᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠥᠷᠭᠡᠨ ᠣᠯᠠᠨ ᠠᠳᠠᠯ ᠠᠬᠤᠢ ᠶᠢᠨ ᠠᠵᠢᠯ ᠡᠷᠭᠢᠯᠡᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠦᠬᠦ᠋ᠢᠯᠡ ᠠᠵᠢᠯ ᠲᠥᠷᠥᠯ ᠤᠨ ᠰᠠᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠶᠤᠮ᠃      ᠬᠠᠶᠢᠷᠤᠪ ᠤᠨ ᠲᠣᠬᠤᠢ ᠲᠣᠭᠤᠷᠢᠭ ᠰᠢᠨ᠎ᠡ ᠱᠠᠲᠤ ᠦᠶ᠎ᠡ ᠶᠢᠨ ᠰᠢᠨ᠎ᠡ ᠡᠭᠦᠷᠭᠡ ᠪᠣᠯᠤᠨ ᠰᠢᠨ᠎ᠡ ᠱᠠᠭᠠᠷᠳᠠᠯᠭ᠎ᠠ ᠶᠢ ᠪᠠᠲᠤ ᠡᠵᠡᠮᠳᠡᠵᠦ᠂ ᠠᠵᠢᠯ ᠲᠥᠷᠥᠯ ᠤᠨ ᠵᠢᠷᠤᠮᠵᠢᠭᠰᠠᠨ ᠪᠠᠶᠢᠭᠤᠯᠤᠯᠲᠠ ᠶᠢ ᠠᠬᠢᠭᠤᠯᠵᠤ᠂ ᠤᠶᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ᠂ ᠵᠢᠷᠤᠮᠵᠢᠭᠰᠠᠨ᠂ ᠥᠨᠳᠥᠷ ᠪᠦᠲᠦᠮᠵᠢᠲᠡᠶ ᠤᠶᠢᠯᠡᠴᠢᠯᠡᠭᠡ ᠶᠢ ᠬᠡᠷᠡᠭᠵᠢᠭᠦᠯᠵᠦ᠂ ᠰᠢᠨ᠎ᠡ ᠮᠡᠷᠭᠡᠵᠢᠯ᠂ ᠰᠢᠨ᠎ᠡ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠦᠨ ᠬᠡᠷᠡᠭᠯᠡᠵᠦ᠂ ᠨᠠᠩ ᠥᠨᠳᠥᠷ ᠲᠦᠪᠰᠢᠨ ᠲᠡᠰᠢ ᠬᠥᠭᠵᠢᠭᠦᠯᠵᠦ᠂ ᠠᠵᠢᠯᠲᠠᠨ ᠠᠵᠢᠯᠴᠢᠨ ᠳᠤ ᠰᠢᠯᠢᠳᠡᠭ ᠤᠶᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠲᠤ ᠨᠠᠩ ᠳᠥᠭᠦᠮ ᠳᠥᠲᠡ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠵᠤ᠂ ᠠᠵᠢᠯ ᠤᠨ ᠡᠭᠦᠰᠭᠡᠯ ᠪᠠ ᠵᠣᠭᠰᠣᠴᠠ ᠶᠢ ᠢᠮᠠᠭᠲᠠ ᠥᠷᠭᠡᠨ ᠣᠯᠠᠨ ᠰᠠᠭᠤᠭᠠᠯᠢ ᠠᠷᠠᠳ ᠵᠢᠴᠢ ᠠᠵᠢᠯᠲᠠᠨ ᠠᠵᠢᠯᠴᠢᠨ ᠣᠯᠠᠨ ᠲᠦᠮᠡᠨ ᠤ ᠪᠡᠶ᠎ᠡ ᠳᠡᠭᠡᠷ᠎ᠡ ᠲᠠᠯᠪᠢᠵᠤ᠂ ᠬᠠᠶᠢᠷᠤᠪ ᠤᠨ ᠲᠣᠬᠤᠢ ᠲᠣᠭᠤᠷᠢᠭ ᠤᠨ ᠠᠳᠠᠯ ᠠᠬᠤᠢ ᠶᠢᠨ ᠠᠵᠢᠯ ᠲᠥᠷᠥᠯ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃
640 (2).jpg   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号