ᠦᠵᠡᠭᠦᠯᠦᠯᠭᠡ ᠶᠢᠨ ᠰᠣᠯᠢᠯᠴᠠᠭ᠎ᠠ︕ ᠬᠠᠶᠢᠷᠤᠪ ᠤᠨ ᠲᠤᠬᠤᠢ ᠲᠣᠭᠤᠷᠢᠭ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2023/11/13
      ᠬᠠᠶᠢᠷᠤᠪ ᠤᠨ ᠲᠤᠬᠤᠢ ᠲᠣᠭᠤᠷᠢᠭ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠪᠣᠯᠤᠨ ︽ᠫᠦ᠋ ᠵᠢᠶᠠᠩ ᠤᠨ ᠲᠤᠷᠰᠢᠯᠭ᠎ᠠ︾᠎ ᠶᠢ ᠭᠦᠨᠵᠡᠭᠡᠢ ᠰᠤᠷᠤᠯᠴᠠᠨ ᠦᠢᠯᠡᠳᠦᠯᠭᠡᠵᠢᠭᠦᠯᠵᠦ᠂ ᠨᠡᠩ ᠥᠨᠳᠥᠷ ᠵᠣᠭᠰᠣᠴᠠ᠂ ᠨᠡᠩ ᠴᠢᠩᠭ᠎ᠠ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠠᠶᠢᠷᠤᠪ ᠤᠨ ᠲᠤᠬᠤᠢ ᠲᠣᠭᠤᠷᠢᠭ ᠲᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠠᠯᠭᠠᠰᠤ᠂ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠪᠣᠳᠠᠲᠤ ᠴᠣᠭᠴᠠ ᠶᠢᠨ ᠠᠵᠢᠯᠯᠠᠭᠠᠨ ᠢ ᠪᠦᠬᠦ ᠲᠠᠯ᠎ᠠ ᠪᠠᠷ ᠠᠬᠢᠭᠤᠯᠵᠤ᠂ ᠵᠠᠬᠢᠳᠠᠯ ᠰᠤᠷᠪᠤᠯᠵᠢᠯᠠᠯ ᠤᠨ ᠵᠥᠷᠢᠴᠡᠯ ᠤᠨ ᠳᠡᠭᠡᠭᠰᠢᠯᠡᠬᠦ ᠶᠢ ᠡᠬᠢ ᠡᠭᠦᠰᠦᠯ ᠠᠴᠠ ᠨᠢ ᠰᠡᠷᠭᠡᠶᠢᠯᠡᠨ ᠪᠠᠭᠠᠰᠬᠠᠨ᠎ᠠ᠃ 11 ᠰᠠᠷ᠎ᠠ ᠶᠢᠨ 8᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠬᠦ ᠵᠢᠴᠢ ᠪᠠᠯᠭᠠᠰᠤ ︵ᠵᠡᠭᠡᠯᠢ ᠭᠤᠳᠤᠮᠵᠢ︶᠎ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠪᠣᠳᠠᠲᠤ ᠴᠣᠭᠴᠠ ᠶᠢᠨ ᠠᠵᠢᠯᠯᠠᠭᠠᠨ ᠤ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠵᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠤᠸᠠᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ ᠯᠢ ᠵᠢᠶᠠᠨ ᠮᠢᠩ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ᠂ ᠬᠡᠰᠡᠭ ᠬᠠᠮᠲᠤᠷᠠᠭᠰᠠᠨ ᠪᠦᠷᠢᠯᠳᠦᠬᠦᠨ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠤ ᠣᠷᠣᠯᠴᠠᠭᠰᠠᠳ ᠬᠠᠶᠢᠪᠸᠢ ᠵᠡᠭᠡᠯᠢ ᠭᠤᠳᠤᠮᠵᠢ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠵᠢᠴᠢ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠰᠤᠭ᠂ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠯᠠᠨ ᠲᠢᠶᠠᠨ ᠨᠡᠶᠢᠭᠡᠮ ᠲᠣᠭᠤᠷᠢᠭ᠂ ᠯᠢᠨ ᠶᠢᠨ ᠵᠡᠭᠡᠯᠢ ᠭᠤᠳᠤᠮᠵᠢ ᠶᠢᠨ ᠶᠢᠨ ᠢᠦᠢ ᠨᠡᠶᠢᠭᠡᠮ ᠲᠣᠭᠤᠷᠢᠭ ᠤᠨ ᠣᠷᠣᠯᠠᠨ ᠡᠷᠬᠢᠯᠡᠬᠦ ᠲᠦᠷᠢᠮ ᠢ ᠬᠡᠷᠡᠭᠵᠢᠭᠦᠯᠦᠭᠰᠡᠨ ᠪᠠᠶᠢᠳᠠᠯ᠂ ᠬᠠᠶᠢᠷᠤᠪ ᠤᠨ ᠲᠤᠬᠤᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠠᠷᠠᠳ ᠤᠨ ᠬᠤᠳᠠᠯᠳᠤᠭᠠᠨ ᠤ ᠶᠠᠪᠤᠳᠠᠯ ᠤᠨ ᠡᠶᠡᠳᠡᠭᠦᠯᠬᠦ ᠲᠥᠪ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃ ᠰᠣᠯᠢᠯᠴᠠᠭᠠᠨ ᠤ ᠬᠤᠷᠠᠯ ᠳᠡᠭᠡᠷ᠎ᠡ᠂ ᠬᠠᠶᠢᠪᠸᠢ ᠵᠡᠭᠡᠯᠢ ᠭᠤᠳᠤᠮᠵᠢ᠂ ᠹᠧᠩ ᠬᠤᠸᠠᠩ ᠯᠢᠩ ᠵᠡᠭᠡᠯᠢ ᠭᠤᠳᠤᠮᠵᠢ ᠵᠡᠷᠭᠡ ᠨᠢ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠬᠦ ᠠᠵᠢᠯ ᠤᠨ ᠲᠤᠬᠠᠶ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠡᠯ᠎ᠡ ᠬᠠᠷᠢᠶ᠎ᠠ ᠣᠷᠣᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠬᠦ ᠲᠠᠯ᠎ᠠ ᠪᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠬᠦᠴᠦᠲᠡᠶ᠂ ᠠᠷᠭ᠎ᠠ ᠬᠡᠮᠵᠢᠶ᠎ᠡ ᠠᠷᠭ᠎ᠠ ᠪᠠᠷᠢᠯ ᠨᠢ ᠪᠣᠳᠠᠲᠠᠶ ᠶᠢ ᠡᠷᠬᠢᠮᠯᠡᠵᠦ᠂ ᠵᠣᠷᠢᠭᠲᠠᠶ ᠪᠠᠷ ᠬᠠᠶᠢᠨ ᠰᠦᠪᠡᠭᠴᠢᠯᠡᠵᠦ ᠰᠢᠨ᠎ᠡ ᠶᠢ ᠡᠭᠦᠳᠴᠦ᠂ ᠲᠣᠰ ᠲᠣᠰ ᠤᠨ ᠣᠨᠴᠠᠯᠢᠭ ᠲᠠᠢ ᠬᠢᠯᠠᠰ ᠴᠡᠭ ᠲᠠᠢ ᠪᠣᠯᠪᠠ᠃       ᠤᠯᠠᠨ ᠢᠶᠠᠷ ᠢᠶᠠᠨ᠂ ᠳᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ ᠦᠷᠭᠦᠯᠵᠢᠯᠡᠨ ᠦᠨᠳᠦᠰᠦᠨ ᠱᠠᠲᠤᠨ ᠤ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠣᠭᠲᠠᠴᠠ ᠶᠢ ᠵᠢᠷᠤᠮᠵᠢᠭᠤᠯᠬᠤ᠂ ᠲᠤᠰᠬᠠᠶᠢᠵᠢᠭᠤᠯᠬᠤ ᠶᠢ ᠭᠦᠨᠵᠡᠭᠡᠶᠢᠷᠡᠭᠦᠯᠵᠦ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠦ᠂ ᠬᠦᠴᠦ ᠪᠠᠨ ᠲᠥᠪᠯᠡᠷᠡᠭᠦᠯᠦᠨ ︽ᠤᠯᠠᠨ ᠲᠦᠮᠡᠨ ᠤ ᠳᠡᠭᠡᠭᠰᠢ ᠰᠤᠷᠪᠤᠯᠵᠢᠯᠠᠬᠤ ᠶᠢ ᠬᠦᠯᠢᠶᠡᠬᠦ︾᠎ ᠶᠢ ︽ᠤᠯᠠᠨ ᠲᠦᠮᠡᠨ ᠎ ᠢ ᠣᠷᠣᠯᠠᠨ ᠭᠦᠢᠴᠡᠳᠬᠡᠬᠦ︾ ᠪᠣᠯᠭᠠᠨ ᠬᠤᠪᠢᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ︽ᠠᠷᠠᠳ ᠤᠨ ᠵᠣᠪᠠᠨᠢᠯ ᠢ ᠰᠢᠢᠳᠪᠦᠷᠢᠯᠡᠬᠦ᠂ ᠠᠷᠠᠳ ᠤᠨ ᠢᠲᠡᠭᠡᠯ ᠢ ᠤᠯᠬᠤ︾ ᠦᠢᠯᠡᠳᠦᠯ ᠢ ᠦᠨᠡᠨᠬᠦ ᠪᠠᠳᠠᠷᠠᠭᠤᠯᠤᠨ᠎ᠠ ᠭᠡᠵᠦ ᠢᠯᠡᠳᠬᠡᠵᠡᠭᠡᠪᠡ᠃      ᠬᠠᠶᠢᠷᠤᠪ ᠤᠨ ᠲᠤᠬᠤᠢ ᠲᠣᠭᠤᠷᠢᠭ ᠤᠨ ᠬᠢᠨ ᠦᠷᠭᠦᠯᠵᠢᠯᠡᠨ ᠥᠨᠳᠥᠷ ᠵᠣᠭᠰᠣᠴᠠ ᠪᠠᠷ ᠤᠳᠤᠷᠢᠳᠤᠯᠭ᠎ᠠ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠲᠦᠷᠢᠮ ᠢ ᠪᠦᠬᠦ ᠲᠠᠯ᠎ᠠ ᠪᠠᠷ ᠠᠬᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠣᠷᠣᠯᠠᠨ ᠭᠦᠢᠴᠡᠳᠬᠡᠬᠦ ᠪᠠᠷᠢᠮᠵᠢᠶ᠎ᠠ ᠪᠠᠨ ᠴᠢᠩᠳᠠᠯᠠᠵᠤ᠂ ᠣᠷᠣᠯᠠᠨ ᠭᠦᠢᠴᠡᠳᠬᠡᠬᠦ ᠡᠩᠨᠡᠭᠡ ᠶᠢ ᠴᠢᠩᠭ᠎ᠠ ᠲᠤᠬᠢᠷᠠᠭᠤᠯᠵᠤ᠂ ᠤᠬᠠᠭᠤᠯᠵᠤ ᠬᠦᠳᠦᠯᠦᠨ ᠵᠢᠯᠣᠭᠤᠳᠬᠤ ᠪᠠᠨ ᠴᠢᠩᠭᠠᠳᠬᠠᠨ᠎ᠠ︔ ᠦᠷᠭᠦᠯᠵᠢᠯᠡᠨ ᠪᠦᠬᠦ ᠲᠠᠯ᠎ᠠ ᠶᠢ ᠪᠠᠶᠢᠭᠤᠯᠵᠤ ᠬᠦᠴᠦᠲᠡᠢ ᠬᠦᠴᠦᠯᠡᠵᠦ᠂ ᠵᠠᠬᠢᠳᠠᠯ ᠰᠤᠷᠪᠤᠯᠵᠢᠯᠠᠯ ᠤᠨ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠢ ᠠᠬᠢᠭᠤᠯᠵᠤ᠂ ᠠᠵᠢᠯ ᠤᠨ ᠲᠣᠭᠲᠠᠴᠠ ᠳᠤ ᠠᠩᠬᠠᠷᠤᠯ ᠢᠶᠠᠨ ᠲᠥᠪᠯᠡᠷᠡᠭᠦᠯᠦᠨ ᠠᠷᠠᠳ ᠤᠨ ᠰᠠᠨᠠᠭ᠎ᠠ ᠶᠢ ᠰᠢᠢᠳᠪᠦᠷᠢᠯᠡᠵᠦ᠂ ᠵᠥᠷᠢᠴᠡᠯ ᠢ ᠪᠠᠶᠢᠴᠠᠭᠠᠨ ᠨᠠᠮᠳᠠᠭᠤᠯᠵᠤ᠂ ᠠᠷᠠᠳ ᠤᠨ ᠪᠠᠶᠢᠳᠠᠯ ᠢ ᠪᠠᠶᠢᠴᠠᠭᠠᠵᠤ᠂ ᠳᠠᠷᠤᠭᠳᠠᠮᠠᠯ ᠬᠡᠷᠡᠭ ᠢ ᠨᠠᠮᠳᠠᠭᠤᠯᠤᠨ ᠠᠷᠠᠳ ᠤᠨ ᠠᠰᠢᠭ ᠢ ᠬᠠᠮᠠᠭᠠᠯᠠᠵᠤ᠂ ᠳᠠᠷᠤᠭᠳᠠᠮᠠᠯ ᠬᠡᠷᠡᠭ ᠢ ᠤᠷᠢᠳᠴᠢᠯᠠᠨ ᠰᠡᠷᠡᠮᠵᠢᠯᠡᠭᠦᠯᠵᠦ ᠲᠣᠭᠲᠠᠭᠤᠨ ᠢ ᠪᠠᠲᠤᠯᠠᠨ᠎ᠠ︔ ᠦᠷᠭᠦᠯᠵᠢᠯᠡᠨ ᠨᠥᠭᠡᠴᠡ ᠬᠦᠴᠦᠨ ᠢᠶᠠᠨ ᠨᠡᠮᠡᠭᠳᠡᠭᠦᠯᠦᠨ ᠦᠷ᠎ᠡ ᠪᠦᠲᠦᠮᠵᠢ ᠶᠢ ᠠᠳᠬᠤᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠡᠷᠭᠡᠶᠢᠯᠡᠯᠲᠡ ᠶᠢᠨ ᠱᠤᠭᠤᠮ ᠢ ᠰᠠᠬᠢᠵᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠴᠢᠬᠤᠯᠠᠴᠢᠯᠠᠵᠤ ᠬᠢᠨᠠᠨ ᠰᠢᠯᠭᠠᠬᠤ ᠪᠠᠨ ᠴᠢᠩᠭᠠᠳᠬᠠᠨ᠎ᠠ᠃      ᠲᠣᠰ ᠤᠳᠠᠭᠠᠨ ᠤ ᠲᠤᠷᠰᠢᠯᠭ᠎ᠠ ᠰᠣᠯᠢᠯᠴᠠᠬᠤ ᠬᠤᠷᠠᠯ ᠢ ᠬᠠᠶᠢᠷᠤᠪ ᠤᠨ ᠲᠣᠬᠤᠢ ᠲᠣᠭᠤᠷᠢᠭ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠠᠴᠠ ᠭᠤᠤᠯᠯᠠᠨ ᠡᠷᠭᠢᠯᠡᠪᠡ᠃
640 (1).jpg
640.jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号