ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/13
      ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠯᠪᠣᠭ᠎ᠠ ᠠᠪᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠯᠢ ᡁᠢ ᠢ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠠᠨ ᠶᠦᠨ ᠭᠧ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠵᠢᠴᠢ ᠬᠤᠲᠠ ᠶᠢᠨ ᠭᠤᠤᠯ ᠰᠡᠳᠦᠪᠲᠦ ᠬᠥᠮᠦᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠬᠠᠮᠢᠶ᠎ᠠ ᠪᠦᠬᠦᠢ ᠨᠢᠭᠡᠴᠡ ᠶᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠤᠭᠰᠠᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠶᠢᠷᠤᠪ ᠤᠨ ᠲᠣᠬᠤᠢ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠨᠢ ᠲᠤᠬᠢᠷᠠᠭᠤᠯᠤᠨ ᠪᠠᠶᠢᠷᠢᠯᠠᠭᠤᠯᠪᠠ᠃      ᠴᠢᠶᠠᠨ ᠶᠦᠨ ᠭᠧ ᠬᠡᠯᠡᠬᠦ ᠳᠡᠭᠡᠨ᠂ ᠰᠤᠷᠤᠯᠴᠠᠯᠭ᠎ᠠ ᠶᠢᠨ ᠪᠣᠳᠠᠲᠤ ᠦᠷ᠎ᠡ ᠪᠦᠲᠦᠮᠵᠢ ᠪᠠᠷ ᠠᠨᠠᠢ ᠠᠰᠠᠭᠤᠳᠠᠯ ᠢ ᠪᠣᠳᠣᠯᠬᠢᠯᠠᠨ᠂ ᠰᠤᠷᠤᠯᠴᠠᠯᠭ᠎ᠠ ᠶᠢ ᠠᠳᠬᠤᠵᠤ ᠳᠡᠭᠡᠭᠰᠢᠯᠡᠯᠲᠡ ᠶᠢ ᠠᠬᠢᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠳᠤᠷᠢᠳᠬᠤ ᠺᠠᠳ᠋ᠷ ᠤᠨ ︽ᠳᠠᠭᠠᠭᠤᠯᠤᠭᠴᠢ︾᠎ ᠶᠢᠨ ᠤᠶᠢᠯᠡᠳᠤᠯ ᠢ ᠪᠠᠳᠠᠷᠠᠭᠤᠯᠵᠤ᠂ ᠲᠦᠷᠦᠭᠦᠯᠡᠨ ᠭᠦᠨᠵᠡᠭᠡᠶ ᠰᠤᠷᠤᠯᠴᠠᠵᠤ᠂ ᠡᠬᠡ ᠪᠢᠴᠢᠭ ᠭᠠᠷᠭᠠᠨ ᠰᠤᠳᠤᠯᠤᠨ ᠶᠠᠷᠢᠯᠴᠠᠵᠤ᠂ ᠨᠠᠮ ᠤᠨ ᠬᠢᠴᠢᠶᠡᠯ ᠢ ᠰᠠᠶᠢᠲᠤᠷ ᠲᠠᠶᠢᠯᠪᠤᠷᠢᠯᠠᠵᠤ᠂ ᠨᠠᠮ ᠤᠨ ᠰᠢᠨ᠎ᠡ ᠶᠢ ᠡᠭᠦᠳᠬᠦ ᠣᠨᠣᠯ ᠢ ᠦᠨᠡᠨ ᠬᠦ ᠰᠤᠷᠤᠯᠴᠠᠨ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠪᠣᠳᠠᠲᠠᠶ ᠬᠢᠬᠦ ᠬᠡᠷᠡᠭᠲᠡᠶ︔ ᠲᠥᠷᠥᠯ ᠬᠤᠪᠢᠶᠠᠨ ᠵᠢᠯᠣᠭᠤᠳᠬᠤ ᠨᠢ ᠨᠠᠷᠢᠯᠢᠭ ᠣᠨᠣᠴᠠᠲᠠᠶ ᠪᠤᠰᠤ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠲᠠᠯ᠎ᠠ ᠪᠠᠷ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠴᠢᠭᠯᠡᠯ ᠢᠶᠠᠷ ᠬᠦᠴᠦᠯᠡᠬᠦ ᠬᠡᠷᠡᠭᠲᠡᠶ᠃ ᠪᠣᠳᠠᠲᠠᠶ ᠲᠠᠢ ᠪᠠᠨ ᠤᠶᠠᠯᠳᠤᠭᠤᠯᠤᠨ᠂ ᠭᠤᠤᠯᠳᠠᠯᠭ᠎ᠠ ᠶᠢ ᠡᠮᠬᠢᠯᠡᠨ ᠰᠤᠷᠤᠯᠴᠠᠵᠤ᠂ ᠪᠠᠶᠢᠴᠠᠭᠠᠨ ᠰᠤᠳᠤᠯᠤᠯᠲᠠ ᠶᠢᠨ ᠱᠠᠭᠠᠷᠳᠠᠯᠭ᠎ᠠ ᠶᠢ ᠨᠠᠷᠢᠯᠢᠬᠵᠢᠭᠤᠯᠤᠨ᠂ ᠬᠥᠭᠵᠢᠯᠲᠡ ᠶᠢᠨ ᠡᠭᠦᠷᠭᠡ ᠶᠢ ᠲᠣᠳᠣᠷᠬᠠᠶᠢᠯᠠᠵᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠠᠳᠬᠤᠵᠤ᠂ ᠲᠥᠷᠥᠯ ᠬᠤᠪᠢᠶᠠᠨ ᠵᠢᠯᠣᠭᠤᠳᠬᠤ ᠶᠢ ᠦᠨᠡᠨ ᠬᠦ ᠴᠢᠩᠭᠠᠳᠬᠠᠬᠤ ᠬᠡᠷᠡᠭᠲᠡᠶ︔ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠢᠷ ᠲᠦᠪᠡᠭᠲᠡᠶ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠶ᠃ ᠠᠰᠠᠭᠤᠳᠠᠯ ᠢ ᠰᠢᠢᠳᠪᠦᠷᠢᠯᠡᠬᠦ ᠦᠷ᠎ᠡ ᠪᠦᠲᠦᠮᠵᠢ ᠪᠠ ᠣᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠬᠦ ᠪᠠᠷ ᠭᠤᠤᠯ ᠰᠡᠳᠦᠪᠲᠦ ᠬᠥᠮᠦᠵᠢᠯ ᠤᠨ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠬᠡᠷᠡᠭᠲᠡᠶ︔ ᠥᠭᠡᠷᠡᠴᠢᠯᠡᠬᠦ ᠶᠢ ᠨᠡᠪᠲᠡᠷᠡᠯᠴᠡᠭᠦᠯᠦᠭᠰᠡᠨ ᠠᠰᠠᠭᠤᠳᠠᠯ ᠢ ᠪᠠᠶᠢᠴᠠᠭᠠᠨ ᠦᠵᠡᠬᠦ ᠬᠡᠷᠡᠭᠲᠡᠶ᠃ ᠵᠥᠪ ᠪᠤᠷᠤᠭᠤ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠡᠷᠡᠭ ᠤᠨ ᠵᠢᠱᠢᠶ᠎ᠡ ᠶᠢ ᠭᠦᠨᠵᠡᠭᠡᠶ ᠵᠠᠳᠠᠯᠤᠨ ᠰᠢᠨᠵᠢᠯᠡᠵᠦ᠂ ᠲᠤᠷᠰᠢᠯᠭ᠎ᠠ ᠰᠤᠷᠭᠠᠮᠵᠢ ᠠᠪᠴᠤ᠂ ᠬᠤᠶᠢᠨᠠᠬᠢ ᠠᠵᠢᠯ ᠳᠤ ᠯᠠᠪᠯᠠᠯᠲᠠ ᠬᠠᠩᠭᠠᠬᠤ ᠬᠡᠷᠡᠭᠲᠡᠶ︔ ᠣᠯᠠᠨ ᠲᠦᠮᠡᠨ ᠤ ᠳᠤᠷ᠎ᠠ ᠰᠣᠨᠢᠷᠬᠠᠯ ᠮᠠᠭᠤ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠰᠡᠳᠦᠪᠲᠦ ᠬᠥᠮᠦᠵᠢᠯ ᠤᠨ ᠤᠬᠠᠭᠤᠯᠭ᠎ᠠ ᠵᠢᠯᠤᠭᠤᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠶ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ︽ᠬᠠᠮ ᠨᠢᠳᠤᠷᠭ᠎ᠠ︾᠎ ᠶᠢ ᠰᠠᠶᠢᠲᠤᠷ ᠬᠢᠵᠦ᠂ ᠳᠦᠷᠢᠮ ᠤᠨ ᠬᠡᠯᠪᠡᠷᠢ ᠪᠠᠷ ᠭᠤᠤᠯ ᠰᠡᠳᠦᠪᠲᠦ ᠬᠥᠮᠦᠵᠢᠯ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠲᠣᠭᠲᠠᠪᠤᠷᠢᠵᠢᠭᠤᠯᠬᠤ ᠶᠢ ᠪᠠᠷᠢᠮᠲᠠᠯᠠᠵᠤ᠂ ᠪᠦᠬᠦ  ᠲᠤᠭᠤᠷᠢᠭ ᠤᠨ ᠭᠤᠤᠯ ᠰᠡᠳᠦᠪᠲᠦ ᠬᠥᠮᠦᠵᠢᠯ ᠤᠨ ᠠᠵᠢᠯ ᠤᠨ ᠠᠬᠢᠴᠠ ᠪᠣᠯᠤᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠲᠤᠰᠬᠠᠬᠤ ᠬᠡᠷᠡᠭᠲᠡᠶ᠃
640 (1).jpg
      ᠯᠢ ᡁᠢ ᠢ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠥᠪ ᠤᠳᠤᠷᠢᠳᠤᠯᠭ᠎ᠠ ᠳᠣᠣᠷ᠎ᠠ᠂ ᠬᠠᠶᠢᠷᠤᠪ ᠤᠨ ᠲᠤᠬᠤᠢ ᠲᠣᠭᠤᠷᠢᠭ ᠤᠨ ᠭᠤᠣᠯ ᠰᠡᠳᠦᠪᠲᠦ ᠬᠥᠮᠦᠵᠢᠯ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠲᠦᠷᠢᠮ ᠲᠣᠭᠲᠠᠭᠠᠯ ᠲᠣᠭᠲᠠᠭᠠᠬᠤ ᠵᠡᠷᠭᠡ ᠲᠠᠯ᠎ᠠ ᠪᠠᠷ ᠱᠠᠳᠤᠴᠢ ᠴᠢᠨᠠᠷᠲᠠᠢ ᠦᠷ᠎ᠡ ᠪᠦᠲᠦᠭᠡᠯ ᠣᠯᠵᠠᠢ᠃ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠴᠢᠩᠭ᠎ᠠ ᠪᠣᠳᠠᠲᠠᠢ ᠰᠤᠷᠲᠠᠯ ᠢ ᠪᠠᠳᠠᠷᠠᠭᠤᠯᠵᠤ᠂ ᠰᠤᠷᠤᠯᠴᠠᠬᠤ ᠶᠢᠨ ᠳᠠᠭᠠᠤ ᠬᠠᠷᠢᠴᠠᠭᠤᠯᠬᠤ ᠶᠢ ᠪᠠᠷᠢᠮᠲᠠᠯᠠᠵᠤ᠂ ᠠᠰᠠᠭᠤᠳᠠᠯ ᠤᠨ ᠨᠠᠷᠢᠨ ᠳᠠᠩᠰᠠ ᠶᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ ᠡᠮᠬᠢᠯᠡᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠲᠣᠭᠲᠠᠭᠠᠵᠤ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠠᠵᠢᠯ ᠢᠶᠠᠨ ᠥᠷᠨᠢᠭᠦᠯᠬᠦ ᠰᠢᠨ᠎ᠡ ᠰᠡᠳᠬᠢᠴᠡ᠂ ᠠᠰᠠᠭᠤᠳᠠᠯ ᠢ ᠰᠢᠢᠳᠪᠦᠷᠢᠯᠡᠬᠦ ᠰᠢᠨ᠎ᠡ ᠠᠷᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠪᠣᠯᠤᠨ ᠨᠡᠶᠢᠭᠡᠮ ᠲᠣᠭᠤᠷᠢᠭ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠣᠯᠠᠨ ᠲᠦᠮᠡᠨ ᠤ ᠪᠠᠴᠢᠮ ᠬᠦᠴᠢᠷ ᠵᠣᠪᠠᠭᠤᠷᠢ ᠲᠠᠢ ᠬᠠᠶᠢᠷᠤᠪ ᠤᠨ ᠲᠣᠬᠤᠢ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠬᠡᠮᠵᠢᠶ᠎ᠡ ᠲᠣᠭᠲᠠᠭᠠᠵᠤ᠂ ᠭᠤᠤᠯ ᠰᠡᠳᠦᠪᠲᠦ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠣᠯᠠᠨ ᠲᠦᠮᠡᠨ ᠳᠤ ᠦᠨᠡᠨᠬᠦ ᠪᠣᠳᠠᠲᠠᠶ ᠶᠠᠪᠤᠳᠠᠯ᠂ ᠰᠠᠶᠢᠨ ᠶᠠᠪᠤᠳᠠᠯ ᠬᠢᠵᠦ ᠥᠭᠬᠦ ᠬᠡᠷᠡᠭᠲᠡᠶ ᠭᠡᠵᠤ ᠬᠡᠯᠡᠪᠡ᠃    
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号