ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠶᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/11/14
      ︽ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ︿ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ﹀ ᠶᠡᠷᠦᠩᠬᠡᠶ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠠᠳᠬᠤᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠲᠥᠷᠥᠯ ᠬᠤᠪᠢᠶᠠᠨ ᠵᠢᠯᠣᠭᠤᠳᠬᠤ ᠠᠵᠢᠯ ᠢ ᠨᠠᠷᠢᠯᠢᠭ ᠣᠨᠣᠴᠠᠲᠠᠶ ᠪᠠᠷ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠤᠨ ᠠᠵᠢᠯᠯᠠᠭᠠᠨ ᠤ ᠵᠦᠭᠯᠡᠭᠦᠷ᠂ ᠦᠵᠡᠯ ᠰᠠᠨᠠᠭᠠᠨ ᠤ ᠵᠡᠪᠰᠡᠭ᠂ ᠬᠥᠳᠡᠯᠭᠡᠬᠦ ᠬᠦᠴᠦᠨ ᠤ ᠡᠬᠢ ᠪᠤᠯᠠᠭ ᠪᠣᠯᠭᠠᠨ ᠬᠤᠪᠢᠷᠠᠭᠤᠯᠵᠤ᠂ ᠤᠯᠤᠰ ᠲᠥᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯ ᠎ ᠤᠨ ᠳᠤᠮᠳᠠ ᠠᠰᠠᠭᠤᠳᠠᠯ ᠢ ᠪᠦᠲᠦᠭᠡᠯᠴᠢ ᠪᠠᠷ ᠰᠢᠢᠤᠡᠪᠤᠷᠢᠯᠡᠵᠤ᠂ ᠬᠥᠭᠵᠢᠯᠲᠡ ᠶᠢ ᠠᠬᠢᠭᠤᠯᠪᠠ︾᠃ ᠤᠢᠢᠷ᠎ᠠ ᠳᠤ᠂ ᠰᠤᠷᠪᠤᠯᠵᠢᠯᠠᠭᠴᠢ ᠬᠠᠶᠢᠷᠤᠪ ᠤᠨ ᠲᠤᠬᠤᠢ ᠲᠣᠭᠤᠷᠢᠭ ᠤᠨ ᠬᠡᠷᠬᠢᠨ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠬᠦ ᠲᠤᠬᠠᠢ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠲᠤᠬᠠᠢ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠎ ᠶᠢ ᠰᠤᠷᠪᠤᠯᠵᠢᠯᠠᠵᠠᠢ᠃      ᠰᠦᠨ ᠬᠤᠤ᠂ ᠬᠠᠶᠢᠷᠤᠪ ᠤᠨ ᠲᠤᠬᠤᠢ ᠲᠣᠭᠤᠷᠢᠭ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠢᠮᠠᠭᠲᠠ ᠲᠤᠭᠤᠰᠢᠯᠠᠭᠤᠯᠵᠤ᠂ 500 ᠭᠠᠷᠤᠢ ᠨᠠᠮ ᠤᠨ ᠵᠣᠬᠢᠶᠠᠨ ᠪᠠᠶᠢᠭᠤᠯᠤᠯᠲᠠ᠂ 1.4 ᠲᠦᠮᠡ ᠭᠠᠷᠤᠢ ᠨᠠᠮ ᠤᠨ ᠭᠡᠰᠢᠭᠦᠨ ᠢ ᠪᠦᠬᠦᠨ ᠢ ᠬᠠᠮᠤᠷᠤᠭᠰᠠᠨ ᠰᠠᠭᠤᠷᠢᠨ ᠳᠡᠭᠡᠷ᠎ᠡ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠢ ᠭᠤᠣᠯᠳᠠᠯᠭ᠎ᠠ ᠲᠠᠢ ᠰᠠᠶᠢᠲᠤᠷ ᠠᠤᠡᠬᠤᠬᠤ ᠬᠡᠷᠡᠭᠲᠡᠢ᠃ ᠲᠤᠭᠤᠷᠢᠭ ᠤᠨ ᠱᠠᠲᠤᠨ ᠤ ᠤᠳᠤᠷᠢᠳᠤᠯᠭ᠎ᠠ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠵᠤ᠂ ᠲᠦᠷᠦᠭᠦᠯᠡᠨ ᠨᠣᠮ ᠤᠩᠰᠢᠬᠤ ᠠᠩᠭᠢ ᠶᠢᠨ ᠰᠤᠳᠤᠯᠤᠨ ᠶᠠᠷᠢᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠳᠠᠷᠤᠯᠲᠠ ᠶᠢ ᠳᠠᠮᠵᠢᠭᠤᠯᠵᠤ᠂ ᠦᠨᠳᠦᠰᠦᠨ ᠱᠠᠲᠤ ᠶᠢ ᠵᠢᠯᠣᠭᠤᠳᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠣᠯᠠᠨ ᠲᠦᠮᠡᠨ ᠢ ᠳᠠᠶᠢᠴᠢᠯᠠᠨ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠤᠯᠴᠠᠨ ᠦᠢᠯᠡᠳᠦᠯᠭᠡᠵᠢᠭᠦᠯᠬᠦ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠤ ᠬᠡᠯᠡᠪᠡ᠃      ᠬᠠᠶᠢᠷᠤᠪ ᠤᠨ ᠲᠤᠬᠤᠢ ᠲᠣᠭᠤᠷᠢᠭ ᠤᠨ ᠬᠢᠨ ᠠᠰᠠᠭᠤᠳᠠᠯ ᠢ ᠰᠢᠢᠳᠪᠦᠷᠢᠯᠡᠬᠦ ᠶᠢ ᠢᠮᠠᠭᠲᠠ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠨ᠎ᠡ᠃ ᠠᠭᠤᠷᠬᠠᠢ ᠶᠢᠨ ᠡᠷᠬᠡ ᠶᠢ ᠨᠡᠶᠢᠳᠬᠡᠬᠦ᠂ ᠨᠡᠭᠦᠷᠡᠰᠦ ᠤᠬᠢᠶᠠᠵᠤ ᠰᠣᠩᠭᠤᠬᠤ ᠠᠵᠢᠯ ᠲᠦᠷᠦᠯ ᠢ ᠨᠡᠶᠢᠳᠬᠡᠵᠦ ᠲᠡᠰ ᠳᠡᠪᠰᠢᠭᠦᠯᠬᠦ᠂ ᠬᠡᠦᠷᠰᠢᠭᠦᠯᠬᠦ ᠠᠵᠢᠯ ᠲᠦᠷᠦᠯ ᠢ ᠨᠡᠶᠢᠳᠬᠡᠵᠦ ᠲᠡᠰ ᠳᠡᠪᠰᠢᠭᠦᠯᠬᠦ ᠵᠡᠷᠭᠡ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠬᠦᠴᠢᠷ ᠠᠰᠠᠭᠤᠳᠠᠯ ᠢ ᠨᠢ ᠰᠢᠢᠤᠡᠪᠤᠷᠢᠯᠡᠬᠦ ᠬᠡᠷᠡᠭᠲᠡᠢ᠃ 8 ︽ᠨᠢᠭᠡ ᠮᠦᠴᠡᠳᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾᠎ ᠶᠢ ᠥᠨᠳᠥᠷ ᠪᠠᠷᠢᠮᠵᠢᠶ᠎ᠠ ᠪᠠᠷ ᠪᠠᠶᠢᠭᠤᠯᠵᠤ᠂ 48 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 30 ᠪᠢᠴᠢᠯ ᠴᠡᠴᠡᠷᠯᠢᠭ ᠢ ᠰᠢᠨ᠎ᠡ ᠪᠠᠷ ᠨᠡᠮᠡᠭᠳᠡᠭᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ︔ S217 ᠵᠡᠭᠦᠨ ᠠᠭᠤᠯᠠ ᠶᠢᠨ ᠵᠠᠯᠭᠠᠯᠳᠤᠭᠰᠠᠨ ᠣᠷᠣᠨ ᠤ ᠪᠤᠵᠠᠷ ᠰᠠᠮᠠᠭᠤᠨ ᠮᠠᠭᠤ ᠣᠷᠴᠢᠨ ᠲᠣᠭᠤᠷᠢᠨ ᠢ ᠲᠦᠢᠯᠪᠤᠷᠢᠲᠠᠶ ᠬᠤᠪᠢᠷᠠᠭᠤᠯᠵᠤ᠂ ᠬᠦᠴᠢᠷᠳᠡᠯᠲᠡᠶ ᠭᠠᠵᠠᠷ ᠣᠷᠣᠨ ᠳᠤ ᠠᠮᠢᠳᠤᠷᠠᠵᠤ ᠪᠠᠶᠢᠭ᠎ᠠ ᠣᠯᠠᠨ ᠲᠦᠮᠡᠨ ᠢ ᠬᠤᠲᠠ ᠳᠤ ᠨᠡᠭᠦᠯᠭᠡᠵᠦ᠂ ᠠᠷᠠᠳ ᠣᠯᠠᠨ ᠳᠤ ᠦᠨᠡᠨ ᠪᠣᠳᠠᠲᠠᠶ ᠵᠣᠯ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠶ᠃      ᠬᠠᠶᠢᠷᠤᠪ ᠤᠨ ᠲᠣᠬᠤᠢ ᠲᠣᠭᠤᠷᠢᠭ ᠨᠢ ᠴᠡᠭᠴᠡᠯᠡᠨ ᠰᠠᠶᠢᠵᠢᠷᠠᠭᠤᠯᠬᠤ ᠳ᠋ᠦᠩᠨᠡᠯᠲᠡ ᠶᠢ ᠢᠮᠠᠭᠲᠠ ᠲᠤᠤᠱᠯᠠᠭᠤᠯᠵᠤ᠂ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠠᠰᠠᠭᠤᠳᠠᠯ ᠢ ᠭᠤᠤᠯ ᠰᠡᠳᠦᠪᠲᠦ ᠬᠥᠮᠦᠵᠢᠯ ᠤᠨ ᠲᠡᠷᠢᠭᠦᠨ ᠴᠢᠬᠤᠯᠠ ᠠᠰᠠᠭᠤᠳᠠᠯ ᠪᠣᠯᠭᠠᠵᠤ᠂ ᠳᠡᠰ ᠳᠡᠪᠰᠢᠭᠦᠯᠦᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ 53 ᠠᠰᠠᠭᠤᠳᠠᠯ ᠢ ᠪᠦᠬᠦᠨ ᠢ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠰᠠᠶᠢᠨ ᠲᠤᠷᠰᠢᠯᠭ᠎ᠠ ᠶᠢ ᠳ᠋ᠦᠩᠨᠡᠬᠦ ᠶᠢ ᠴᠢᠬᠤᠯᠠᠴᠢᠯᠠᠵᠤ᠂ ᠲᠦᠷᠢᠮ ᠲᠣᠭᠲᠠᠭᠠᠯ ᠲᠣᠭᠲᠠᠭᠠᠵᠤ ᠳᠤᠲᠠᠭᠤᠳᠠᠯ ᠢᠶᠠᠨ ᠨᠥᠬᠦᠪᠥᠷᠢᠯᠡᠬᠦ ᠪᠠᠷ ᠳᠠᠮᠵᠢᠭᠤᠯᠤᠨ᠂ ᠭᠤᠤᠯ ᠰᠡᠳᠦᠪᠲᠦ ᠬᠥᠮᠦᠵᠢᠯ ᠤᠨ ᠦᠨᠡᠨ ᠪᠣᠳᠠᠲᠠᠶ ᠦᠷ᠎ᠡ ᠪᠦᠲᠦᠮᠵᠢ ᠪᠠᠷ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ ᠶᠢ ᠴᠥᠮ ᠰᠢᠨ᠎ᠡ ᠬᠤᠪᠢᠷᠠᠯᠲᠠ ᠲᠠᠢ ᠪᠣᠯᠭᠠᠵᠤ᠂ ᠨᠠᠮ ᠤᠨ ᠭᠡᠰᠢᠭᠦᠨ ᠨᠢᠭᠡᠪᠦᠷᠢ ᠶᠢ ᠴᠥᠮ ᠰᠢᠨ᠎ᠡ ᠳᠠᠪᠰᠢᠯᠲᠠ ᠲᠠᠢ ᠪᠣᠯᠭᠠᠵᠤ᠂ ᠣᠯᠠᠨ ᠲᠦᠮᠡᠨ ᠨᠢᠭᠡᠪᠦᠷᠢ ᠳᠤ ᠴᠥᠮ ᠰᠢᠨ᠎ᠡ ᠪᠣᠳᠠᠲᠤ ᠠᠰᠢᠭ ᠬᠦᠷᠲᠡᠭᠡᠬᠦ ᠪᠠᠷ ᠴᠢᠷᠮᠠᠶᠢᠨ᠎ᠠ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号