ᠬᠠᠶᠢᠷᠤᠪ ᠤᠨ ᠲᠣᠬᠤᠢ ᠲᠣᠭᠤᠷᠢᠭ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ ᠣᠶᠢᠯᠠᠭᠠᠬᠤ ᠪᠠᠷ ᠭᠤᠤᠯ ᠰᠡᠳᠦᠪᠲᠦ ᠰᠤᠷᠭᠠᠨ ᠬᠥᠮᠦᠵᠢᠯ ᠤᠨ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠦᠨ ᠪᠤᠲᠠᠲᠠᠶᠢᠵᠢᠭᠤᠯᠤᠨ᠎ᠠ
ᠨᠡᠶᠢᠲᠡᠯᠡᠭᠰᠡᠨ ᠴᠠᠭ᠄
2023/11/2
      ᠬᠠᠶᠢᠷᠤᠪ ᠤᠨ ᠲᠣᠬᠤᠢ ᠲᠣᠭᠤᠷᠢᠭ ᠤᠨ ᠬᠢᠨ ᠤᠨᠤᠯ ᠤᠨ ᠰᠤᠷᠤᠯᠴᠠᠯᠭ᠎ᠠ ᠶᠢ ᠭᠤᠤᠯ ᠰᠡᠳᠦᠪᠲᠦ ᠬᠥᠮᠦᠵᠢᠯ ᠳᠤ ᠢᠮᠠᠭᠲᠠ ᠲᠤᠤᠱᠯᠠᠭᠤᠯᠬᠤ ᠶᠢ ᠪᠠᠷᠢᠮᠲᠠᠯᠠᠵᠤ᠂ ᠪᠦᠬᠦ ᠲᠠᠯ᠎ᠠ ᠪᠠᠷ ᠰᠤᠷᠤᠯᠴᠠᠬᠤ᠂ ᠨᠢᠭᠡᠳᠦᠯᠲᠡᠶ ᠲᠥᠯᠥᠪᠯᠡᠨ ᠰᠤᠷᠤᠯᠴᠠᠬᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠤᠶᠢᠯᠠᠭᠠᠨ ᠡᠵᠡᠮᠰᠢᠨ᠎ᠡ᠃ ︽ᠲᠠᠪᠤ ᠶᠢ ᠰᠤᠷᠤᠯᠴᠠᠬᠤ ᠶᠢᠨ ᠬᠤᠯᠪᠣᠭᠠᠯᠠᠨ ᠬᠥᠳᠡᠯᠦᠯᠴᠡᠬᠦ︾ ᠲᠣᠭᠲᠠᠴᠠ ᠶᠢ ᠨᠠᠶᠢᠳᠠᠪᠤᠷᠢᠵᠢᠭᠤᠯᠬᠤ ᠪᠠᠷ ᠳᠠᠮᠵᠢᠭᠤᠯᠤᠨ᠂ ᠪᠥᠬᠦ ᠲᠤᠭᠤᠷᠢᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠢ ᠰᠤᠷᠤᠯᠴᠠᠬᠤ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠣᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠶᠢ ᠤᠷᠢᠶᠠᠯᠠᠪᠠ᠃      ᠭᠤᠤᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠭᠤᠤᠯ ᠰᠡᠳᠦᠪᠲᠦ ᠬᠥᠮᠦᠵᠢᠯ ᠤᠨ ᠵᠠᠪᠠᠯ ᠤᠩᠰᠢᠬᠤ ᠨᠣᠮ ᠢ ᠨᠡᠶᠢᠲᠡ 11052 ᠳᠡᠪᠲᠡᠷ ᠲᠠᠷᠬᠠᠭᠠᠵᠤ᠂ ᠰᠢᠶᠠᠨ ᠤ ᠱᠠᠲᠤᠨ ᠤ ᠤᠳᠤᠷᠢᠳᠬᠤ ᠺᠠᠳ᠋ᠷ ᠤᠨ ᠨᠣᠮ ᠤᠩᠰᠢᠬᠤ ᠠᠩᠭᠢ ᠶᠢ 1 ᠬᠤᠭᠤᠴᠠᠭ᠎ᠠ ᠡᠷᠬᠢᠯᠡᠵᠦ᠂ ᠲᠦᠷᠦᠭᠦᠯᠡᠨ 1 ᠤᠳᠠᠭ᠎ᠠ ᠰᠤᠳᠤᠯᠤᠨ ᠶᠠᠷᠢᠯᠴᠠᠵᠤ ᠰᠣᠯᠢᠯᠴᠠᠬᠤ ᠠᠵᠢᠯ ᠢ ᠥᠷᠨᠢᠭᠦᠯᠪᠡ︔ ᠪᠦᠬᠦ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠵᠢᠯᠣᠭᠤᠳᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ 145 ᠤᠳᠠᠭ᠎ᠠ ᠲᠥᠪᠯᠡᠷᠡᠭᠦᠯᠦᠨ ᠨᠣᠮ ᠤᠩᠰᠢᠵᠤ ᠰᠤᠷᠤᠯᠴᠠᠬᠤ ᠶᠢ ᠵᠢᠱᠢᠶ᠎ᠡ ᠦᠵᠡᠭᠦᠯᠦᠨ ᠳᠠᠶᠢᠴᠢᠯᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ 270 ᠤᠳᠠᠭ᠎ᠠ ᠨᠠᠮ ᠤᠨ ᠬᠢᠴᠢᠶᠡᠯ ᠤᠷᠤᠪᠠ︔ ᠭᠤᠤᠯ ᠰᠡᠳᠦᠪᠲᠦ ᠬᠥᠮᠦᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠬᠦ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠬᠠᠮᠤᠷᠴᠤ᠂ ᠬᠠᠨᠳᠤᠯᠭᠠᠲᠤ ᠴᠢᠨᠠᠷᠲᠠᠶ ᠪᠠᠷ ᠲᠤᠰᠬᠠᠶ ᠰᠡᠳᠦᠪᠲᠦ ᠪᠣᠯᠪᠠᠰᠤᠷᠠᠯ ᠢ ᠥᠷᠨᠢᠭᠦᠯᠵᠦ᠂ ᠦᠨᠳᠦᠰᠦᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠴᠢᠳᠠᠪᠤᠷᠢ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠤᠨ᠎ᠡ᠃      ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠨᠢᠭᠡᠴᠡ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠶᠢ ᠡᠭᠦᠳᠬᠦ ᠶᠢ ᠠᠳᠬᠤᠵᠤ᠂ ᠪᠣᠳᠠᠲᠠᠶ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠭᠤᠤᠯ ᠰᠡᠳᠦᠪᠲᠦ ᠬᠥᠮᠦᠵᠢᠯ ᠤᠨ ᠠᠮᠢᠳᠤᠯᠢᠭ ᠣᠯᠠᠨ ᠶᠠᠩᠵᠤ ᠶᠢᠨ᠂ ᠯᠠᠪᠳᠠᠭᠤᠨ ᠪᠠᠲᠤᠲᠠᠶ ᠪᠦᠲᠦᠮᠵᠢᠲᠡᠶ ᠥᠷᠨᠢᠬᠦ ᠶᠢ ᠠᠬᠢᠭᠤᠯᠬᠤ ᠬᠡᠷᠡᠭᠲᠡᠶ᠃ ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠬᠢᠨ ᠤᠨᠤᠯ ᠤᠨ ᠰᠤᠷᠤᠯᠴᠠᠯᠭ᠎ᠠ ᠶᠢ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠵᠤ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠷᠠᠳ ᠲᠤ ᠠᠰᠢᠭ ᠬᠦᠷᠲᠡᠭᠡᠬᠦ ᠤᠬᠠᠭᠤᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ︾᠂ ︽ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠵᠤ᠂ ᠬᠦᠴᠦ ᠪᠠᠨ ᠬᠠᠮᠲᠤᠳᠬᠠᠨ ᠰᠡᠳᠬᠢᠯ ᠢ ᠎ ᠨᠢ ᠳᠤᠯᠠᠭᠠᠴᠠᠭᠤᠯᠤᠨ᠂ ᠠᠷᠠᠳ ᠤᠨ ᠵᠣᠪᠠᠨᠢᠯ ᠢ ᠰᠢᠢᠳᠪᠦᠷᠢᠯᠡᠬᠦ︾ ᠵᠡᠷᠭᠡ ᠪᠠᠶᠠᠯᠢᠭ ᠰᠠᠶᠢᠬᠠᠨ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠪᠡ᠃ ᠰᠢᠨᠬᠤᠸᠠ ᠵᠡᠭᠡᠯᠢ ᠭᠤᠳᠤᠮᠵᠢ ᠦᠷᠭᠦᠯᠵᠢᠯᠡᠨ ᠰᠤᠷᠤᠯᠴᠠᠬᠤ ᠠᠷᠭ᠎ᠠ ᠵᠠᠮ ᠢᠶᠠᠨ ᠥᠷᠭᠡᠳᠬᠡᠵᠦ᠂ ᠸᠢᠴᠠᠲ ᠤᠨ ᠨᠡᠶᠢᠲᠡ ᠶᠢᠨ ᠳ᠋ᠤᠭᠠᠷ ᠲᠤ ︽ᠬᠤᠪᠢᠰᠬᠠᠯ ᠤᠨ ᠳᠠᠭᠤ ᠳᠠᠮᠵᠢᠭᠤᠯᠬᠤ ᠲᠦᠩᠰᠡ︾ ᠰᠤᠷᠤᠯᠴᠠᠯᠭ᠎ᠠ ᠶᠢᠨ ᠲᠤᠰᠬᠠᠢ ᠪᠤᠯᠤᠩ ᠭᠠᠷᠭᠠᠵᠤ᠂ ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾᠎ ᠤᠨ ᠪᠦᠷᠢᠯᠳᠦᠬᠦᠨ᠂ ᠰᠠᠭᠤᠭᠠᠯᠢ ᠠᠷᠠᠳ ᠤᠨ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠳ ᠵᠡᠷᠭᠡ ᠬᠠᠮᠲᠤᠯᠢᠭ ᠤᠨ ᠰᠢᠩᠭᠡᠭᠡᠨ ᠦᠢᠯᠡᠳᠬᠦ ᠰᠤᠷᠤᠯᠴᠠᠯᠭ᠎ᠠ ᠳᠤ ᠭᠦᠢᠴᠡᠳ ᠣᠷᠣᠯᠴᠠᠵᠤ᠂ ᠬᠠᠷᠢᠶ᠎ᠠ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠰᠤᠷᠤᠯᠴᠠᠭᠤᠯᠵᠤ᠂ ᠨᠠᠰᠤ ᠠᠬᠠᠰᠢᠷᠠᠵᠤ ᠪᠡᠶ᠎ᠡ ᠮᠠᠭᠤᠳᠠᠭᠰᠠᠨ ᠨᠠᠮ ᠤᠨ ᠭᠡᠰᠢᠭᠦᠨ ᠪᠠ ᠨᠡᠭᠦᠳᠡᠯ ᠨᠠᠮ ᠤᠨ ᠭᠡᠰᠢᠭᠦᠨ ᠵᠡᠷᠭᠡ ᠬᠠᠮᠲᠤᠯᠢᠭ ᠤᠨ ᠲᠥᠪᠯᠡᠷᠡᠭᠦᠯᠦᠨ ᠰᠤᠷᠤᠯᠴᠠᠬᠤ ᠳᠤ ᠪᠡᠷᠬᠡ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号