ᠬᠠᠶᠢᠷᠤᠪ ᠤᠨ ᠲᠤᠬᠤᠢ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 95 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/20
      ᠣᠶᠢᠷ᠎ᠠ ᠳᠤ᠂ ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 95 ᠳ᠋ᠤᠭᠠᠷ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠪᠡᠭᠡᠵᠢᠩ ᠤᠨ ᠾᠧᠪᠸᠢ ᠶᠢᠨ ᠭᠠᠮᠰᠢᠭ ᠤᠨ ᠳᠠᠷᠠᠭ᠎ᠠ ᠰᠡᠷᠭᠦᠭᠡᠨ ᠳᠠᠬᠢᠨ ᠪᠥᠲᠥᠭᠡᠨ ᠪᠠᠶᠢᠭᠤᠯᠬᠤ ᠠᠵᠢᠯ ᠤᠨ ᠵᠣᠷᠢᠭ ᠰᠠᠨᠠᠭ᠎ᠠ᠂ ᠲᠥᠪ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠰᠢᠨ᠎ᠡ ᠴᠠᠭ ᠦᠶ᠎ᠡ ᠶᠢᠨ ︿ᠹᠧᠩᠴᠢᠶᠤᠤ ᠶᠢᠨ ᠲᠤᠷᠰᠢᠯᠭ᠎ᠠ﹀᠎ ᠶᠢ ᠪᠠᠷᠢᠮᠲᠠᠯᠠᠨ ᠬᠥᠭᠵᠢᠭᠦᠯᠵᠦ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵2022 - 2026 ᠣᠨ︶︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵2022 - 2026 ᠣᠨ︶︾᠂ ︽ᠬᠠᠶᠢᠷᠤᠪ ᠤᠨ ᠲᠣᠬᠤᠶ ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠲᠥᠯᠥᠪᠵᠢᠭᠦᠯᠭᠡ ︵2022 - 2026 ᠣᠨ︶︾ ᠵᠡᠷᠭᠡ ᠶᠢ ᠰᠤᠳᠤᠯᠤᠨ ᠬᠢᠨᠠᠨ ᠵᠥᠪᠯᠡᠪᠡ︔ ᠬᠠᠶᠢᠷᠤᠪ ᠤᠨ ᠲᠤᠬᠤᠢ ᠲᠣᠭᠤᠷᠢᠭ ᠤᠨ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ᠂ ᠬᠠᠶᠢᠷᠤᠪ ᠤᠨ ᠲᠤᠬᠤᠢ ᠲᠣᠭᠤᠷᠢᠭ ᠤᠨ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠪᠠᠶᠢᠳᠠᠯ᠂ ᠬᠠᠶᠢᠷᠤᠪ ᠤᠨ ᠲᠤᠬᠤᠢ ᠲᠣᠭᠤᠷᠢᠭ ᠤᠨ ᠬᠡᠦᠷᠰᠢᠭᠦᠯᠬᠦ ᠠᠵᠤ ᠦᠢᠯᠡᠰ ᠢ ᠳᠠᠬᠢᠨ ᠪᠠᠶᠢᠭᠤᠯᠵᠤ ᠲᠠᠰ ᠳᠡᠪᠰᠢᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠠᠬᠢᠴᠠ ᠶᠢᠨ ᠪᠠᠶᠢᠳᠠᠯ ᠵᠡᠷᠭᠡ ᠶᠢ ᠰᠣᠨᠣᠰᠤᠭᠰᠠᠨ ᠪᠥᠭᠡᠳ ᠬᠠᠶᠢᠷᠤᠪ ᠤᠨ ᠲᠤᠬᠤᠢ ᠲᠣᠭᠤᠷᠢᠭ ᠤᠨ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠰᠦᠨ ᠬᠤᠤ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠡᠨᠡ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠤᠨ ᠠᠵᠠ ᠲᠣᠬᠢᠶᠠᠯ ᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ ᠬᠦᠰᠡᠯᠡᠩ ᠢᠲᠡᠭᠡᠯ ᠪᠢᠰᠢᠷᠡᠯ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠦᠨᠡᠨ ᠬᠦ ᠬᠡᠷᠡᠭᠵᠢᠭᠦᠯᠵᠦ ᠪᠣᠯᠬᠤᠶᠢᠴᠠ ᠠᠵᠢᠯ ᠤᠨ ᠠᠷᠭ᠎ᠠ ᠬᠡᠯᠪᠡᠷᠢ ᠶᠢ ᠬᠤᠪᠢᠷᠠᠭᠤᠯᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠠᠢ᠃ ᠪᠠᠯᠭᠠᠰᠤ᠂ ᠵᠡᠭᠡᠯᠢ ᠭᠤᠳᠤᠮᠵᠢ ᠶᠢᠨ ᠠᠵᠤ ᠦᠢᠯᠡᠰ ᠤᠨ ᠬᠦᠷᠢᠶᠡᠯᠡᠩ ᠤᠨ ᠭᠤᠤᠯ ᠬᠠᠷᠢᠭᠤᠴᠠᠯᠭᠠᠲᠠᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠ ᠠᠰᠠᠭᠤᠳᠠᠯ ᠢ ᠵᠣᠬᠢᠴᠠᠭᠤᠯᠤᠨ ᠰᠢᠢᠤᠡᠪᠤᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠣᠯᠠᠨ ᠲᠦᠮᠡᠨ ᠢ ᠭᠦᠢᠴᠡᠤᠡ ᠳᠠᠶᠢᠴᠢᠯᠠᠨ᠂ ᠣᠯᠠᠨ ᠲᠦᠮᠡᠨ ᠢ ᠵᠣᠬᠢᠶᠠᠨ ᠪᠠᠶᠢᠭᠤᠯᠵᠤ᠂ ᠣᠯᠠᠨ ᠲᠦᠮᠡᠨ ᠳᠤ ᠲᠦᠰᠢᠭᠯᠡᠨ᠂ ᠣᠯᠠᠨ ᠲᠦᠮᠡᠨ ᠢ ᠲᠦᠰᠢᠭᠯᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂  ᠤᠶᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ︔ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ ᠠᠪᠴᠤ᠂ ︽ᠴᠢᠬᠢ ᠶᠢ ᠬᠠᠮᠠᠭᠠᠯᠠᠬᠤ︾᠂ ︽ᠨᠠᠮᠤᠷ ᠤᠨ ᠰᠤᠷᠲᠠᠯ︾᠂ ︽ᠲᠣᠣᠷ ᠢ ᠴᠡᠪᠡᠷᠰᠢᠭᠦᠯᠬᠦ︾ ᠵᠡᠷᠭᠡ ᠠᠵᠢᠯᠯᠠᠭ᠎ᠠ ᠶᠢ ᠰᠠᠶᠢᠲᠤᠷ ᠬᠢᠵᠦ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠣᠯᠭ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠲᠣᠭᠲᠠᠭᠤᠨ ᠢᠶᠠᠷ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠤᠷᠢᠭ᠎ᠠ ᠱᠤᠭᠤᠮ ᠢ ᠦᠨᠡᠨ ᠬᠦ ᠪᠠᠲᠤ ᠰᠠᠬᠢᠬᠤ ᠬᠡᠷᠡᠭᠲᠡᠶ᠂ ᠡᠷᠬᠡᠪᠰᠢ ᠬᠤᠷᠢᠭ᠎ᠠ ᠱᠤᠭᠤᠮ ᠤᠨ ᠰᠡᠳᠬᠢᠬᠦᠶ ᠪᠠ ᠰᠠᠨᠠᠭᠠᠰᠢᠷᠠᠨ ᠵᠣᠪᠠᠨᠢᠬᠤ ᠤᠬᠠᠮᠰᠠᠷ ᠢ ᠪᠠᠷᠢᠮᠲᠠᠯᠠᠵᠤ᠂ ᠬᠠᠶᠢᠷᠤᠪ ᠤᠨ ᠲᠣᠬᠤᠶ ᠲᠣᠭᠤᠷᠢᠭ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠂ ︽ᠲᠠᠪᠤᠨ ᠶᠡᠭᠡ ᠡᠭᠦᠷᠭᠡ︾᠎ ᠶᠢᠨ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ  ᠭᠦᠢᠴᠡᠤᠡᠭᠡᠵᠤ᠂ ᠲᠤᠰᠬᠠᠶ ᠬᠠᠷᠠᠯᠲᠠ ᠶᠢᠨ ᠬᠢᠨᠠᠨ ᠰᠢᠯᠭᠠᠬᠤ  ᠭᠦᠢᠴᠡᠤᠡᠭᠡᠯ ᠲᠤᠭ᠎ᠠ ᠶᠢ ᠨᠠᠷᠢᠨ ᠬᠢᠨᠠᠮᠠᠭᠠᠶ ᠡᠮᠬᠢᠯᠡᠵᠦ᠂ ᠠᠵᠢᠯ ᠤᠨ ᠡᠬᠡ ᠲᠠᠩᠰᠠ ᠶᠢ ᠪᠠᠶᠢᠭᠤᠯᠵᠤ᠂ ᠳᠤᠲᠠᠭᠤᠳᠠᠯ ᠢ ᠪᠠᠶᠢᠴᠠᠭᠠᠵᠤ ᠳᠤᠲᠠᠭᠤᠳᠠᠯ ᠢ ᠨᠥᠬᠦᠪᠥᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠤ ᠬᠡᠯᠡᠪᠡ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号