ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/20
      11 ᠰᠠᠷ᠎ᠠ ᠶᠢᠨ 15᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠼᠠᠢ ᠴᠢ ᠨᠥᠬᠦᠷ ᠤᠨ ᠲᠥᠪ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ᠲᠥᠪ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠶ ᠭᠠᠩ ᠨᠥᠬᠦᠷ ᠤᠨ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠬᠠᠶᠢᠷᠤᠪ ᠤᠨ ᠲᠣᠬᠤᠢ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠰᠦᠨ ᠬᠤᠤ᠂ ᠭᠤᠤᠯ ᠰᠡᠳᠦᠪᠲᠦ ᠬᠥᠮᠦᠵᠢᠯ ᠤᠨ ᠴᠢᠬᠤᠯᠠ ᠴᠢᠨᠠᠷ ᠢ ᠵᠥᠪ ᠲᠠᠨᠢᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠭᠤᠤᠯ ᠰᠡᠳᠦᠪᠲᠦ ᠬᠥᠮᠦᠵᠢᠯ ᠤᠨ ᠤᠯᠤᠰ ᠲᠥᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠭᠤᠤᠯ ᠰᠡᠳᠦᠪᠲᠦ ᠬᠥᠮᠦᠵᠢᠯ ᠢ ᠪᠢᠳᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠤᠯᠤᠰ ᠲᠥᠷᠦ ᠶᠢᠨ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠶ︔ ᠭᠤᠤᠯ ᠰᠡᠳᠦᠪᠲᠦ ᠬᠥᠮᠦᠵᠢᠯ ᠤᠨ ︽1 +3+1︾ ᠲᠠᠪᠤᠨ ᠵᠦᠢᠯ ᠤᠨ ᠡᠭᠦᠷᠭᠡ ᠶᠢ ᠬᠦᠢᠴᠡᠳ ᠲᠠᠨᠢᠵᠤ᠂ ᠳᠦᠷᠢᠮ ᠲᠣᠭᠲᠠᠭᠠᠯ ᠲᠣᠭᠲᠠᠭᠠᠬᠤ ᠲᠠᠪᠤᠨ ᠵᠦᠢᠯ ᠤᠨ ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠯᠡᠬᠦ ᠬᠡᠷᠡᠭᠲᠡᠶ᠃ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠦᠨᠡᠨ ᠠᠴᠠ ᠵᠥᠪ ᠢ ᠡᠷᠢᠬᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ ᠶᠢ ᠪᠠᠷᠢᠮᠲᠠᠯᠠᠵᠤ᠂ ᠦᠷᠭᠦᠯᠵᠢᠯᠡᠨ ᠰᠠᠶᠢᠲᠤᠷ ᠪᠠᠶᠢᠴᠠᠭᠠᠨ ᠰᠤᠳᠤᠯᠤᠯᠲᠠ ᠬᠢᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠭᠤᠣᠯ ᠰᠡᠳᠦᠪ ᠪᠣᠯᠭᠠᠨ ᠰᠤᠳᠤᠯᠤᠨ ᠶᠠᠷᠢᠯᠴᠠᠵᠤ᠂ ᠪᠣᠳᠠᠲᠠᠢ ᠰᠡᠳᠦᠪ ᠰᠢᠢᠳᠪᠦᠷᠢᠯᠡᠬᠦ ᠠᠷᠭ᠎ᠠ ᠶᠢ ᠡᠷᠢᠬᠦ ᠬᠡᠷᠡᠭᠲᠡᠢ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号