ᠵᠠᠰᠠᠭ ᠤᠨ ᠣᠷᠳᠣᠨ ᠤ ᠠᠯᠪᠠᠨ ᠮᠡᠳᠡᠭᠡ 2023 ᠣᠨ ᠤ 5 ᠳ᠋ᠤᠭᠠᠷ ᠬᠤᠭᠤᠴᠠᠭ᠎ᠠ ︵ᠶᠡᠷᠣᠩᠬᠡᠢ 15 ᠳ᠋ᠣᠭᠠᠷ ᠬᠤᠭᠤᠴᠠᠭ᠎ᠠ ᠬᠤᠣᠰ ᠰᠠᠷ᠎ᠠ ᠶᠢᠨ ᠰᠡᠳᠭᠦᠯ︶
ᠨᠡᠶᠢᠲᠡᠯᠡᠭᠰᠡᠨ ᠴᠠᠭ᠄
2023/11/20
2023年第5期.jpg
 ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯ ᠤᠨ ᠳᠦᠷᠢᠮ        ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠬᠤ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ︽ᠦᠬᠠᠶ ᠬᠤᠲᠠ ᠶᠢᠨ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠵᠢᠯ ᠬᠢᠵᠦ ᠦᠷ᠎ᠡ ᠪᠦᠲᠦᠮᠵᠢ ᠤᠯᠬᠤ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠲᠣᠭᠲᠠᠭᠠᠯ︾ ︽ᠦᠬᠠᠶ ᠬᠤᠲᠠ ᠶᠢᠨ ᠨᠠᠮ ᠤᠨ ᠬᠤᠷᠢᠶᠠᠨ ᠤ ᠭᠡᠰᠢᠭᠦᠳ ᠤᠨ ᠲᠦᠷᠢᠮ ᠤᠨ ᠠᠵᠢᠯ ᠤᠨ ᠲᠦᠷᠢᠮ︾᠎ ᠢ ᠦᠨᠳᠦᠰᠦᠯᠡᠨ᠂ ᠬᠠᠶᠢᠷᠤᠪ ᠤᠨ ᠲᠣᠬᠤᠶ ᠲᠣᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ ᠲᠦᠷᠢᠮ ᠢ ᠲᠣᠭᠲᠠᠭᠠᠪᠠ᠃ ᠪᠦᠷᠢᠯᠳᠦᠬᠦᠨ ᠨᠢᠭᠡᠴᠡ᠂ ᠡᠭᠦᠷᠭᠡ ᠬᠠᠷᠢᠭᠤᠴᠠᠯᠭ᠎ᠠ ᠵᠢᠴᠢ ᠠᠵᠢᠯ ᠤᠨ ᠲᠦᠷᠢᠮ ᠨᠢ ᠳᠣᠤᠷᠠᠬᠢ ᠮᠡᠲᠦ᠄      ᠨᠢᠭᠡ᠂ ᠵᠦᠪᠯᠡᠯ ᠤᠨ ᠪᠦᠷᠢᠯᠳᠦᠭᠦᠨ ᠨᠢᠭᠡᠴᠢ      ᠬᠠᠶᠢᠷᠤᠪ ᠤᠨ ᠲᠤᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷᠠᠬᠢ ᠭᠡᠰᠢᠭᠦᠨ ᠤ ᠲᠦᠷᠢᠮ ᠢ ᠬᠡᠷᠡᠭᠵᠢᠭᠦᠯᠦᠨ᠎ᠡ᠃ ᠭᠡᠰᠢᠭᠦᠨ ᠨᠢᠭᠡᠴᠡ ᠨᠢ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠦᠬᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ︶᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠬᠠᠶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠶᠢᠷᠤᠪ ᠤᠨ ᠲᠣᠬᠤᠢ ᠶᠢᠨ ᠬᠤᠪᠢᠶᠠᠷᠢ ᠲᠣᠪᠴᠢᠶ᠎ᠠ᠂ ᠬᠠᠶᠢᠷᠤᠪ ᠤᠨ ᠲᠣᠬᠤᠶ ᠲᠣᠭᠤᠷᠢᠭ ᠤᠨ ᠭᠠᠵᠠᠷ ᠰᠢᠷᠣᠶ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ᠂ ᠦᠬᠠᠶ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠠᠶᠢᠷᠤᠪ ᠤᠨ ᠲᠣᠬᠤᠶ ᠶᠢᠨ ᠬᠤᠪᠢᠶᠠᠷᠢ ᠲᠣᠪᠴᠢᠶ᠎ᠠ ᠵᠡᠷᠭᠡ 24 ᠰᠠᠯᠠᠭ᠎ᠠ ᠮᠥᠴᠢᠷ ︵ᠨᠢᠭᠡᠴᠡ︶᠎ ᠢᠶᠠᠷ ᠪᠦᠷᠢᠯᠳᠦᠨ᠎ᠡ᠃ ᠡᠯ᠎ᠡ ᠭᠡᠰᠢᠭᠦᠨ ᠨᠢᠭᠡᠴᠡ ᠳᠤ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮᠲᠦ ᠭᠡᠰᠢᠭᠦᠨ 1᠂ ᠬᠤᠯᠪᠣᠭᠠᠴᠢᠨ 1 ᠪᠣᠶ᠃      ᠬᠤᠶᠠᠷ᠂ ᠭᠤᠣᠯ ᠡᠭᠦᠷᠭᠡ ᠬᠠᠷᠢᠭᠤᠴᠠᠯᠭ᠎ᠠ       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠤᠨᠤᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠦᠴᠦᠯᠡᠨ ᠪᠠᠶᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠬᠦᠴᠦᠯᠡᠨ ᠠᠬᠢᠭᠤᠯᠵᠤ᠂ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      ︵ᠨᠢᠭᠡ︶ ᠣᠨᠣᠯ ᠢᠶᠠᠷ ᠵᠡᠪᠰᠡᠭᠯᠡᠬᠦ ᠶᠢ ᠭᠦᠨᠵᠡᠭᠡᠶᠢᠷᠡᠭᠦᠯᠵᠦ᠂ ᠦᠨᠳᠦᠰᠦᠲᠡᠨ ᠤ ᠠᠵᠢᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠭᠦᠢᠴᠡᠳᠬᠡᠨ᠎ᠡ       1. ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠ ᠨᠠᠮ ᠤᠨ ᠦᠨᠳᠦᠰᠦᠲᠡᠨ ᠤ ᠤᠨᠤᠯ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠭᠡᠰᠢᠭᠦᠨ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠤᠨᠤᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠵᠢᠯ ᠪᠦᠷᠢ ᠬᠠᠮᠲᠤ ᠶᠢᠨ ᠰᠤᠷᠤᠯᠴᠠᠯᠭ᠎ᠠ᠂ ᠰᠤᠳᠤᠯᠤᠨ ᠶᠠᠷᠢᠯᠴᠠᠵᠤ ᠰᠣᠯᠢᠯᠴᠠᠬᠤ ᠪᠠ ᠤᠨᠤᠯ ᠤᠨ ᠰᠢᠯᠭᠠᠯᠲᠠ ᠬᠢᠵᠦ᠂ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠤᠨ᠎ᠠ ᠃       2. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠪᠣᠯᠭᠠᠵᠤ᠂ ᠨᠠᠮ ᠤᠨ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠤᠨ᠂ ᠭᠡᠰᠢᠭᠦᠨ ᠨᠢᠭᠡᠴᠢ ᠶᠢᠨ ᠠᠵᠢᠯ ᠢ ᠴᠥᠮ ᠠᠳᠡ ᠲᠥᠪᠯᠡᠷᠡᠭᠦᠯᠵᠦ᠂ ᠬᠠᠮᠲᠤ ᠪᠠᠷ ᠬᠦᠴᠦᠯᠡᠬᠦ ᠬᠡᠷᠡᠭᠲᠡᠢ᠃ ᠭᠡᠰᠢᠭᠦᠨ ᠨᠢᠭᠡᠴᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠢ ᠲᠤᠰ ᠰᠠᠯᠠᠭ᠎ᠠ ᠮᠥᠴᠢᠷ ᠲᠤᠰ ᠰᠢᠰᠲ᠋ᠧᠮ ᠤᠨ ᠢᠶᠠᠨ ᠨᠠᠮ ᠤᠨ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠣᠷᠣᠭᠤᠯᠵᠤ᠂ ᠺᠠᠳ᠋ᠷ ᠤᠨ ᠤᠯᠤᠰ ᠲᠦᠷᠦ ᠶᠢᠨ ᠪᠠᠶᠢᠴᠠᠭᠠᠯᠲᠠ ᠳᠤ ᠣᠷᠣᠭᠤᠯᠵᠤ᠂ ᠬᠥᠮᠦᠵᠢᠯ ᠪᠣᠯᠪᠠᠰᠤᠷᠠᠯ ᠪᠠ ᠰᠡᠳᠬᠢᠯ ᠤᠨ ᠦᠭᠡ ᠪᠠᠨ ᠶᠠᠷᠢᠯᠴᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠶᠢ ᠴᠢᠩᠭᠠᠳᠬᠠᠬᠤ ᠬᠡᠷᠡᠭᠲᠡᠢ᠃      3. ᠭᠡᠰᠢᠭᠦᠨ ᠨᠢᠭᠡᠴᠡ ᠨᠦᠭᠦᠳ ᠦᠨᠳᠦᠰᠦᠲᠡᠨ ᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠣᠰ ᠨᠢᠭᠡᠴᠡ ︵ᠰᠠᠯᠠᠭ᠎ᠠ ᠮᠥᠴᠢᠷ︶᠎ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠦᠨᠳᠦᠰᠦᠲᠡᠨ ᠤ ᠠᠵᠢᠯ ᠬᠢᠭᠡᠳ ᠲᠤᠬᠠᠶᠢᠯᠠᠭᠰᠠᠨ ᠠᠵᠢᠯ ᠢ ᠬᠠᠮᠲᠤ ᠳᠤᠨᠢ ᠳᠣᠭᠢᠷᠠᠭᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠬᠤ ᠬᠡᠷᠡᠭᠲᠡᠶ᠃ ᠵᠢᠯ ᠪᠦᠷᠢ ᠦᠨᠳᠦᠰᠦᠲᠡᠨ ᠤ ᠠᠵᠢᠯ ᠢ ᠠᠳᠠᠭ ᠲᠠᠭᠠᠨ ᠨᠢᠭᠡ ᠤᠳᠠᠭ᠎ᠠ ᠰᠤᠳᠤᠯᠵᠤ᠂ ᠦᠨᠳᠦᠰᠦᠲᠡᠨ ᠤ ᠬᠦᠴᠦᠨ ᠵᠦᠢᠯ ᠲᠠᠢ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠢᠤᠡᠪᠤᠷᠢᠯᠡᠵᠤ᠂ ᠲᠥᠯᠥᠪᠯᠡᠭᠡ ᠲᠠᠢ᠂ ᠲᠣᠬᠢᠷᠠᠭᠤᠯᠤᠭᠰᠠᠨ᠂ ᠠᠷᠭ᠎ᠠ ᠬᠡᠮᠵᠢᠶ᠎ᠡ ᠲᠠᠢ᠂ ᠳ᠋ᠦᠩᠨᠡᠭᠰᠡᠨ ᠪᠠᠶᠢᠬᠤ ᠬᠡᠷᠡᠭᠲᠡᠶ᠃      ︵ᠬᠤᠶᠠᠷ︶ ᠤᠯᠤᠰ ᠲᠦᠷᠦ ᠶᠢᠨ ᠤᠬᠠᠮᠰᠠᠷ ᠢᠶᠠᠨ ᠴᠢᠩᠭᠠᠤᠡᠬᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠎ᠠ      4. ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠬᠦ ᠣᠷᠣᠨ ᠤ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ᠂ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠢ ᠭᠦᠢᠴᠡᠳ ᠠᠰᠢᠭᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ ᠲᠤᠰ ᠰᠠᠯᠠᠭ᠎ᠠ ᠮᠥᠴᠢᠷ ᠲᠤᠰ ᠰᠢᠰᠲ᠋ᠧᠮ ᠤᠨ ᠢᠶᠠᠨ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠪᠣᠯᠤᠨ ᠦᠢᠯᠡᠴᠢᠯᠡᠭᠡᠨ ᠤ ᠬᠠᠮᠲᠤᠯᠢᠭ ᠢ ᠬᠦᠳᠦᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠢ ᠪᠣᠯᠭᠠᠵᠤ᠂ ᠤᠯᠤᠰ ᠤᠨ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠤᠯᠢᠵᠢᠯ ᠤᠨ ᠤᠬᠠᠮᠰᠠᠷ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠦᠵᠡᠯ ᠰᠠᠨᠠᠭᠠᠨ ᠤ ᠰᠠᠭᠤᠷᠢ ᠶᠢ ᠪᠠᠲᠤᠳᠬᠠᠨ᠎ᠠ᠃      5.ᠲᠤᠰ ᠰᠠᠯᠠᠭ᠎ᠠ ᠮᠦᠴᠢᠷ ᠲᠤᠰ ᠰᠢᠰᠲ᠋ᠧᠮ ᠤᠨ ᠦᠷᠭᠡᠨ ᠣᠯᠠᠨ ᠨᠠᠮ ᠤᠨ ᠬᠡᠰᠢᠭᠦᠠ᠂ ᠺᠠᠳ᠋ᠷ ᠪᠤᠯᠣᠠ ᠣᠢᠢᠯᠠᠴᠢᠯᠡᠭᠡ ᠬᠦᠮᠤᠰ ᠲᠤ ᠨᠠᠶᠢᠭᠡᠮ ᠵᠢᠷᠣᠮ ᠤᠨ ᠭᠤᠤᠯᠯᠠᠬᠤ ᠣᠢᠷᠲᠠᠭ ᠤᠨ ᠣᠢᠵᠠᠯᠲᠠ ᠪᠠᠷ ᠵᠢᠯᠣᠭᠤᠲᠣᠯᠭ᠎ᠠ ᠪᠤᠯᠭᠠᠬᠤ ᠶᠢ ᠪᠠᠷᠢᠮᠲᠠᠯᠠᠨ᠂ ᠤᠯᠤᠰ ᠢᠶᠠᠨ ᠬᠠᠶᠢᠷᠠᠯᠠᠬᠤ ᠣᠢᠵᠠᠯ ᠢᠶᠠᠷ ᠭᠤᠣᠯ ᠪᠤᠯᠭᠠᠬᠰᠠᠨ ᠳᠣᠮᠲᠠᠲᠤ ᠶᠢᠨ ᠣᠢᠠᠲᠣᠰᠣᠲᠠᠨ ᠤ ᠵᠣᠷᠢᠭ ᠰᠠᠨᠠᠭ᠎ᠠ ᠪᠠ ᠣᠢᠭᠡᠷᠠᠴᠢᠯᠠᠯᠲᠠ ᠬᠢᠵᠤ ᠰᠢᠨ᠎ᠠ ᠶᠢ ᠡᠭᠦᠣᠠᠭᠦ ᠪᠠᠷ ᠭᠤᠣᠯ ᠪᠤᠯᠭᠠᠬᠰᠠᠨ ᠴᠠᠭ ᠣᠢᠶ᠎ᠡ ᠶᠢᠨ ᠵᠣᠷᠢᠭ ᠰᠠᠨᠠᠭ᠎ᠠ ᠶᠢ ᠶᠠᠭᠡᠪᠡᠷ ᠪᠠᠲᠠᠷᠠᠭᠤᠯᠵᠤ᠂ ᠣᠢᠷᠭᠠ ᠠᠭᠤᠲᠠᠮ ᠨᠦᠭᠦᠴᠠᠯ ᠢ ᠬᠠᠮᠲᠣᠪᠡᠷ ᠪᠢᠴᠢᠬᠯᠠᠨ᠂ ᠣᠷᠲᠤ ᠣᠲᠠᠭᠠᠨ ᠰᠣᠶᠣᠯ ᠢ ᠬᠠᠮᠲᠣᠪᠡᠷ ᠡᠭᠦᠣᠠᠴᠤ᠂ ᠠᠭᠤᠤ ᠶᠡᠭᠡ ᠵᠣᠷᠢᠭ ᠰᠠᠨᠠᠭ᠎ᠠ ᠶᠢ ᠬᠠᠮᠲᠤ ᠪᠠᠷ ᠬᠦᠢᠮᠣᠵᠢᠭᠦᠯᠵᠠᠢ᠃ ᠰᠣᠶᠣᠯ ᠤᠨ ᠬᠠᠮᠳᠤ ᠶᠢᠨ ᠲᠠᠨᠢᠯᠳᠠ ᠶᠢ ᠨᠡᠮᠡᠭᠳᠡᠭᠦᠯᠵᠣ᠂ ᠲᠣᠮᠳᠠᠳᠣ ᠶᠢᠨ ᠰᠢᠯᠢᠳᠡᠭ ᠰᠣᠶᠣᠯ ᠢ ᠦᠨᠳᠦᠰᠦᠨ ᠱᠠᠳᠣᠨ ᠳᠤ ᠣᠷᠣᠭᠤᠯᠵᠣ᠂ ᠰᠣᠷᠭᠠᠭᠤᠯᠢ ᠳᠤ ᠣᠷᠣᠭᠤᠯᠬᠤ ᠠᠵᠢᠯᠯᠠᠭ᠎ᠠ ᠶᠢ ᠭᠦᠨᠵᠡᠭᠡᠢ ᠦᠷᠨᠢᠭᠦᠯᠣᠨ᠎ᠠ ᠃ ᠬᠤᠲᠠ ᠶᠢᠨ ᠪᠦᠲᠦᠭᠡᠨ ᠪᠠᠶᠢᠭᠤᠯᠤᠯᠲᠠ᠂ ᠰᠣᠶᠣᠯ ᠤᠨ ᠤᠬᠠᠭᠤᠯᠭ᠎ᠠ᠂ ᠦᠵᠡᠰᠬᠦᠯᠡᠩ ᠤᠨ ᠦᠵᠡᠭᠦᠯᠦᠯᠭᠡ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠲᠠᠯ᠎ᠠ ᠪᠠᠷ᠂ ᠦᠨᠳᠦᠰᠦᠲᠡᠨ ᠨᠦᠭᠦᠳ ᠤᠨ ᠬᠠᠮᠲᠤᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠪᠣᠯᠤᠨ ᠳᠦᠷᠢ ᠲᠥᠷᠬᠦ ᠶᠢ ᠪᠣᠶ ᠪᠣᠯᠭᠠᠬᠤ ᠪᠠ ᠳᠣᠪᠤᠶᠢᠯᠭᠠᠬᠤ ᠬᠡᠷᠡᠭᠲᠡᠶ᠃      6. ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠬᠠᠮᠢᠶ᠎ᠠ ᠪᠥᠬᠦᠶ ᠠᠵᠢᠯ ᠢ ᠡᠷᠡᠰ ᠭᠤᠶᠢᠪᠢᠰᠢ ᠥᠬᠡᠶ ᠰᠠᠶᠢᠲᠤᠷ ᠬᠢᠨ᠎ᠠ᠃ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠪᠠ ᠬᠡᠷᠡᠭᠯᠡᠯᠲᠡ ᠶᠢ ᠬᠦᠨᠳᠦᠳᠬᠡᠨ ᠪᠠᠲᠤᠯᠠᠬᠤ ᠬᠡᠷᠡᠭᠲᠡᠶ᠃ ︵ᠭᠤᠷᠪᠠ︶ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ᠎ᠡ      7. ᠲᠤᠰ ᠰᠠᠯᠠᠭ᠎ᠠ ᠮᠥᠴᠢᠷ ᠲᠤᠰ ᠰᠢᠰᠲ᠋ᠧᠮ ᠳᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠪᠠᠶᠢᠭᠤᠯᠤᠯᠭ᠎ᠠ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠮᠤ ᠰᠢᠶᠠᠩ ᠪᠠᠯᠭᠠᠰᠤ᠂ ᠰᠤᠷᠭᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ᠂ ᠲᠣᠤᠷ ᠰᠦᠯᠵᠢᠶᠡᠨ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡ ᠲᠣᠳᠣ ᠪᠦᠲᠦᠮᠵᠢᠲᠡᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠮᠡᠳᠡᠷᠡᠮᠵᠢ ᠶᠢ ᠨᠡᠮᠡᠭᠳᠡᠭᠦᠯᠵᠦ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠤᠢ ᠪᠣᠯᠭᠠᠨ᠎ᠠ᠃ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ ᠪᠢᠰᠢᠷᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠬᠢ ᠪᠦᠯᠬᠦᠮᠳᠡᠯ ᠨᠢᠭᠡᠳᠦᠯ ᠢ ᠠᠬᠢᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠬ᠎ᠠ ᠳᠡᠭᠦᠦ ᠮᠡᠲᠤ ᠲᠤᠳᠤᠨᠤ ᠪᠠᠶᠢᠬᠤ ᠬᠡᠷᠡᠭᠲᠡᠢ᠃      8. ᠬᠤᠳᠠ ᠶᠢᠨ ᠦᠨᠳᠦᠰᠦᠲᠡᠨ ᠤ ᠠᠵᠢᠯ ᠢ ᠴᠢᠩᠭᠠᠳᠬᠠᠵᠤ᠂ ᠬᠠᠷᠢᠯᠴᠠᠨ ᠰᠢᠭᠢᠳᠬᠡᠭᠰᠡᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠵᠤ᠂ ᠨᠡᠩ ᠲᠡᠭᠦᠯᠳᠡᠷᠵᠢᠭᠰᠡᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠪᠤᠢ ᠪᠣᠯᠭᠠᠵᠤ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢ ᠬᠤᠲᠠ ᠶᠢᠨ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠵᠤ᠂ ᠡᠯ᠎ᠡ ᠦᠨᠳᠦᠰᠦᠲᠡᠨ ᠤ ᠣᠷᠣᠨ ᠵᠠᠶ᠂ ᠰᠣᠶᠣᠯ᠂ ᠠᠵᠤ ᠠᠬᠤᠶ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠰᠢᠭᠢᠳᠬᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃      ︵ᠲᠦᠷᠪᠡ︶ ᠠᠷᠠᠳ ᠤᠨ ᠠᠮᠢᠳᠣᠷᠠᠯ ᠢ ᠰᠠᠶᠢᠵᠢᠷᠠᠭᠤᠯᠬᠤ᠂ ᠬᠦᠮᠦᠰ ᠤᠨ ᠰᠡᠳᠭᠢᠯ ᠢ ᠨᠢᠭᠲᠠᠷᠠᠭᠤᠯᠬᠤ ᠲᠠᠢ ᠤᠶᠠᠯᠳᠣᠭᠤᠯᠣᠨ᠂ ᠦᠨᠳᠦᠰᠦᠳᠡᠨ ᠨᠦᠭᠦᠳ ᠤᠨ ᠣᠳᠣᠬᠢᠴᠢᠯᠠᠯᠳᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ      9. ᠰᠠᠭᠤᠷᠢ ᠪᠡᠯᠡᠳᠬᠡᠮᠵᠢ ᠪᠣᠯᠤᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠠᠬᠤ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠵᠦ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ᠂ ᠴᠢᠮᠡᠭᠡ ᠬᠤᠯᠪᠣᠭ᠎ᠠ᠂ ᠤᠰᠤᠨ ᠠᠰᠢᠭᠯᠠᠯᠲᠠ ᠵᠡᠷᠭᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠴᠢᠩᠭᠠᠳᠬᠠᠬᠤ ᠬᠡᠷᠡᠭᠲᠡᠶ᠃ ᠠᠮᠢ ᠠᠬᠤᠢ ᠶᠢᠨ ᠬᠠᠮᠠᠭᠠᠯᠠᠯᠲᠠ ᠪᠠ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠨ ᠰᠠᠶᠢᠬᠠᠨ ᠪᠠᠶᠢᠬᠤ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠨᠡᠭᠡᠭᠡᠨ᠎ᠡ᠃      10. ᠦᠨᠳᠦᠰᠦᠲᠡᠨ ᠨᠦᠭᠦᠳ ᠤᠨ ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠦᠷᠭᠦᠯᠵᠢᠯᠡᠨ ᠰᠠᠶᠢᠲᠤᠷ ᠰᠢᠢᠤᠡᠪᠤᠷᠢᠯᠡᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃      11. ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠪᠤᠢ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠢ ᠣᠯᠭᠤᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠡᠩ ᠦᠨᠡᠨ ᠰᠡᠳᠬᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠶᠢ ᠪᠠᠷᠢᠮᠲᠠᠯᠠᠪᠠ᠃       ︵ᠲᠠᠪᠤ︶ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ      12. ᠦᠨᠳᠦᠰᠦᠨ ᠬᠠᠤᠯᠢ ᠪᠣᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠠᠬᠢᠭᠤᠯᠬᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ︾ ︽ᠦᠬᠠᠢ ᠬᠤᠳᠠ ᠶᠢᠨ ᠨᠠᠮ ᠤᠨ ᠬᠤᠷᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠡᠷᠡᠰ ᠭᠤᠶᠢᠪᠢᠰᠢ ᠦᠭᠡᠢ ᠡᠴᠦᠰ ᠲᠤᠨᠢ ᠲᠤᠯᠲᠠᠯ᠎ᠠ ᠠᠳᠬᠤᠵᠤ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠬᠤ ᠲᠤᠬᠠᠢ ᠲᠣᠭᠲᠠᠭᠠᠯ︾ ᠵᠡᠷᠭᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠴᠠᠭ ᠦᠶ᠎ᠡ ᠶᠢᠨ ᠠᠯᠬᠤᠭ᠎ᠠ ᠶᠢ ᠰᠠᠯᠤᠯ ᠦᠭᠡᠢ ᠳᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ᠃      13᠂ ᠭᠡᠰᠢᠭᠦᠨ ᠨᠢᠭᠡᠴᠢ ᠦᠨᠳᠦᠰᠦᠲᠡᠨ ᠤ ᠠᠵᠢᠯ ᠳᠤ ᠬᠤᠯᠪᠣᠭᠳᠠᠬᠤ ᠴᠢᠬᠤᠯᠠ ᠲᠦᠷᠦ ᠶᠢᠨ ᠪᠤᠳᠤᠯᠭ᠎ᠠ ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠣᠭᠲᠠᠭᠠᠬᠤ ᠳᠤ᠂ ᠨᠡᠶᠢᠲᠡᠯᠢᠭ ᠴᠢᠨᠠᠷ ᠬᠢᠭᠡᠳ ᠵᠥᠷᠢᠶᠡᠲᠦ ᠴᠢᠨᠠᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠣᠷᠣᠨ ᠪᠦᠰᠡᠵᠢᠭᠦᠯᠬᠦ ᠪᠠ ᠣᠨᠣᠪᠴᠢᠲᠤ ᠴᠢᠨᠠᠷ ᠢ ᠲᠤᠪᠤᠶᠢᠯᠭᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠬᠠᠷᠢᠯᠴᠠᠨ ᠨᠢᠭᠡᠳᠦᠯᠲᠡᠢ ᠪᠠᠶᠢᠬᠤ ᠶᠢ ᠦᠨᠡᠨ ᠬᠦ ᠪᠠᠲᠤᠯᠠᠵᠤ᠂ ᠨᠠᠮ ᠤᠨ ᠦᠨᠳᠦᠰᠦᠲᠡᠨ ᠤ ᠠᠵᠢᠯ ᠤᠨ ᠤᠨᠤᠯ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃      14᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠬᠡᠮᠵᠢᠭᠦᠷ ᠪᠣᠯᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠦᠨᠳᠦᠰᠦᠲᠡᠨ ᠤ ᠬᠦᠷᠢᠶᠡᠨ ᠳᠠᠬᠢ ᠠᠯᠳᠠᠭ᠎ᠠ ᠪᠤᠷᠤᠭᠤ ᠪᠠᠨ ᠵᠠᠯᠠᠷᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃      ︵ᠵᠢᠷᠭᠤᠭ᠎ᠠ︶ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠬᠤ ᠠᠰᠠᠭᠤᠳᠠᠯ ᠢ ᠬᠠᠤᠯᠢ ᠶᠣᠰᠣᠭᠠᠷ ᠲᠣᠬᠢᠲᠠᠢ ᠰᠢᠢᠤᠡᠪᠤᠷᠢᠯᠡᠵᠤ᠂ ᠦᠨᠳᠦᠰᠦᠲᠡᠨ ᠤ ᠬᠦᠷᠢᠶ᠎ᠡ ᠬᠡᠪᠴᠢᠶᠡᠨ ᠳᠠᠬᠢ ᠬᠦᠨᠳᠦ ᠶᠡᠭᠡ ᠠᠶᠤᠯ  ᠲᠦᠭᠰᠢᠭᠦᠷᠢ ᠶᠢᠨ ᠳᠠᠯᠳᠠ ᠭᠡᠮ ᠢ ᠡᠷᠡᠰ ᠰᠡᠷᠭᠡᠢᠯᠡᠨ᠎ᠡ      15. ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠤᠢ ᠪᠣᠯᠭᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠵᠦᠢᠯ ᠤᠨ ᠠᠰᠠᠭᠤᠳᠠᠯ ᠤᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ᠃ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠬᠡᠷᠡᠭ ᠤᠨ ᠬᠡᠷᠡᠭ ᠢ ᠲᠣᠬᠢᠲᠠᠶ ᠰᠢᠢᠤᠡᠪᠤᠷᠢᠯᠡᠵᠤ᠂ ᠬᠢᠯᠢ ᠶᠢᠨ ᠳᠣᠲᠣᠷ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠡᠯ᠎ᠡ ᠵᠦᠢᠯ ᠤᠨ ᠨᠡᠪᠴᠢᠯᠲᠡ ᠡᠪᠳᠡᠯᠡᠭᠡ ᠬᠢᠬᠦ ᠠᠵᠢᠯᠯᠠᠭ᠎ᠠ ᠪᠠ ᠦᠨᠳᠦᠰᠦᠲᠡᠨ ᠤ ᠬᠠᠭᠠᠴᠠᠭᠤᠯᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠪᠦᠲᠦᠮᠵᠢᠲᠡᠶ ᠪᠠᠷ ᠠᠷᠭᠠᠴᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠡᠷᠡᠰ ᠬᠠᠮᠠᠭᠠᠯᠠᠨ᠎ᠠ᠃      16. ᠦᠨᠳᠦᠰᠦᠲᠡᠨ ᠤ ᠬᠦᠷᠢᠶᠡᠨ ᠳᠠᠬᠢ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠰᠠᠶᠢᠲᠤᠷ ᠰᠠᠬᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠳᠦᠰᠦᠲᠡᠨ ᠤ ᠬᠦᠴᠦᠨ ᠵᠦᠢᠯ ᠲᠠᠢ ᠬᠤᠯᠪᠣᠭᠳᠠᠬᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠵᠦ᠂ ᠬᠢᠯᠢ ᠶᠢᠨ ᠭᠠᠳᠠᠨᠠᠬᠢ ᠬᠤᠣᠷ ᠬᠥᠨᠥᠭᠡᠯ ᠲᠠᠢ ᠮᠡᠳᠡᠭᠡ ᠵᠠᠩᠭᠢ ᠶᠢ ᠭᠡᠳᠡᠷᠭᠦ ᠴᠢᠳᠬᠤᠬᠤ ᠶᠢ ᠴᠢᠩᠭ᠎ᠠ ᠰᠡᠷᠭᠡᠶᠢᠯᠡᠵᠦ᠂ ᠰᠦᠯᠵᠢᠶ᠎ᠡ ᠶᠢ ᠠᠰᠢᠭᠯᠠᠨ ᠦᠨᠳᠦᠰᠦᠲᠡᠨ ᠤ ᠬᠠᠷᠢᠴᠠᠭ᠎ᠠ ᠶᠢ ᠵᠠᠪᠰᠠᠷᠳᠠᠭᠤᠯᠬᠤ᠂ ᠦᠨᠳᠦᠰᠦᠲᠡᠨ ᠤ ᠭᠠᠳᠠᠭᠤᠷᠴᠢᠯᠠᠯ ᠪᠠ ᠬᠤᠷᠤᠰᠤᠯ ᠢ ᠥᠳᠥᠭᠡᠬᠦ᠂ ᠦᠨᠳᠦᠰᠦᠲᠡᠨ ᠤ ᠪᠦᠯᠬᠦᠮᠳᠡᠯ ᠢ ᠡᠪᠳᠡᠬᠦ ᠦᠭᠡ ᠶᠠᠷᠢᠶ᠎ᠠ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠰᠦᠯᠵᠢᠶᠡᠨ ᠤ ᠰᠢᠨ᠎ᠡ ᠵᠠᠭᠤᠴᠢᠯᠠᠭᠤᠷ ᠰᠢᠨ᠎ᠡ ᠮᠡᠷᠭᠡᠵᠢᠯ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠳᠡᠪᠬᠢ ᠬᠦᠴᠦᠨ ᠢ ᠭᠦᠢᠴᠡᠳ ᠠᠰᠢᠭᠯᠠᠵᠤ᠂ ᠢᠨᠲ᠋ᠧᠷ ᠰᠦᠯᠵᠢᠶ᠎ᠡ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ︽ᠬᠠᠮᠤᠭ ᠤᠨ ᠶᠡᠭᠡ ᠨᠡᠮᠡᠭᠳᠡᠯ︾ ᠪᠣᠯᠭᠠᠨ᠎ᠠ᠃      17. ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢᠨ ᠳᠠᠯᠳᠠ ᠭᠡᠮ ᠤᠨ ᠬᠠᠮᠢᠶ᠎ᠠ ᠪᠦᠬᠦᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠶᠤᠯ ᠲᠦᠭᠰᠢᠭᠦᠷᠢ ᠶᠢᠨ ᠳᠠᠯᠳᠠ ᠭᠡᠮ ᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠬᠠᠮᠢᠶ᠎ᠠ ᠪᠦᠬᠦᠢ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ ᠪᠠ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠨ᠂ ᠦᠨᠳᠦᠰᠦᠲᠡᠨ ᠳᠤ ᠬᠤᠯᠪᠣᠭᠳᠠᠭᠰᠠᠨ ᠡᠯ᠎ᠡ ᠲᠥᠷᠥᠯ ᠤᠨ ᠠᠰᠠᠭᠤᠳᠠᠯ ᠢ ᠡᠷᠲᠡ ᠢᠯᠡᠷᠡᠭᠦᠯᠵᠦ᠂ ᠪᠠᠭ᠎ᠠ ᠳᠡᠭᠡᠷ᠎ᠡ ᠨᠢ ᠰᠢᠢᠳᠪᠦᠷᠢᠯᠡᠬᠦ ᠬᠡᠷᠡᠭᠲᠡᠶ᠃      18. ᠤᠳᠤᠷᠢᠳᠬᠤ ᠺᠠᠳ᠋ᠷ ᠲᠤᠰ ᠰᠠᠯᠠᠭ᠎ᠠ ᠮᠥᠴᠢᠷ ᠲᠤᠰ ᠰᠢᠰᠲ᠋ᠧᠮ ᠤᠨ ᠢᠶᠠᠨ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠦᠰ ᠪᠣᠯᠤᠨ ᠰᠡᠬᠡᠭᠡᠲᠡᠨ ᠲᠠᠢ ᠬᠠᠷᠢᠯᠴᠠᠬᠤ ᠲᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠵᠡᠯ ᠰᠠᠨᠠᠭᠠᠨ ᠤ ᠬᠥᠳᠡᠯᠦᠯ ᠪᠠᠶᠢᠳᠠᠯ ᠢ ᠡᠵᠡᠮᠰᠢᠵᠦ᠂ ᠰᠠᠭᠤᠷᠢ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠶᠢ ᠪᠡᠶᠡᠯᠡᠭᠦᠯᠬᠦ ᠬᠡᠷᠡᠭᠲᠡᠶ᠃ ᠦᠵᠡᠯ ᠰᠠᠨᠠᠭ᠎ᠠ ᠤᠯᠤᠰ ᠲᠦᠷᠦ ᠶᠢᠨ ᠵᠢᠯᠤᠭᠤᠳᠤᠯᠭ᠎ᠠ ᠪᠠ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠶᠡᠭᠡ ᠵᠥᠪ ᠪᠤᠷᠤᠭᠤ ᠶᠢᠨ ᠡᠮᠦᠨ᠎ᠡ ᠲᠠᠷᠢᠬᠢ ᠲᠣᠯᠣᠭᠠᠢ ᠰᠡᠷᠭᠡᠭ᠂ ᠲᠤᠭ ᠲᠡᠮᠳᠡᠭ ᠲᠣᠳᠣᠷᠬᠠᠢ᠂ ᠣᠪᠣᠷ ᠡᠷᠡᠰ ᠪᠠᠲᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠬᠤ ᠬᠡᠷᠡᠭᠲᠡᠢ᠃      ᠭᠤᠷᠪᠠ᠂ ᠠᠵᠢᠯ ᠤᠨ ᠳᠦᠷᠢᠮ      ︵ᠨᠢᠭᠡ︶ ᠭᠡᠰᠢᠭᠦᠨ ᠪᠠ ᠬᠠᠷᠢᠯᠴᠠᠭᠴᠢ ᠶᠢ ᠰᠤᠩᠬᠤᠨ ᠲᠤᠮᠢᠯᠠᠬᠤ ᠳᠦ᠋ᠷᠢᠮ᠃ ᠡᠯ᠎ᠡ ᠭᠡᠰᠢᠭᠦᠨ ᠨᠢᠭᠡᠴᠡ ᠨᠢ ᠪᠣᠳᠠᠲᠠᠶ ᠡᠭᠦᠷᠭᠡ ᠬᠠᠷᠢᠭᠤᠴᠠᠯᠭ᠎ᠠ ᠶᠢᠨ ᠶᠣᠰᠣᠭᠠᠷ 1 ᠤᠳᠤᠷᠢᠳᠬᠤ ᠪᠠᠭ ᠤᠨ ᠪᠦᠷᠢᠯᠳᠦᠬᠦᠨ ᠢ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠭᠡᠰᠢᠭᠦᠨ ᠢᠶᠠᠷ ᠲᠣᠭᠲᠠᠭᠠᠵᠤ᠂ ᠲᠣᠰ ᠨᠢᠭᠡᠴᠡ ᠶᠢᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠦᠨᠳᠦᠰᠦᠲᠡᠨ ᠤ ᠠᠵᠢᠯ ᠢ ᠲᠦᠷᠦᠭᠦᠯᠡᠨ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠤᠨ᠎ᠠ᠃ ᠡᠭᠦᠨ ᠤ ᠬᠠᠮᠲᠤ᠂ ᠦᠨᠳᠦᠰᠦᠲᠡᠨ ᠤ ᠠᠵᠢᠯ ᠲᠠᠢ ᠨᠢᠭᠲᠠ ᠬᠠᠷᠢᠴᠠᠭ᠎ᠠ ᠲᠠᠢ ᠨᠢᠭᠡ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠨᠢᠭᠡᠴᠡ ᠶᠢᠨ ᠬᠤᠯᠪᠣᠭᠠᠴᠢᠨ ᠪᠣᠯᠭᠠᠵᠤ᠂ ᠪᠣᠳᠠᠲᠠᠶ ᠬᠠᠷᠢᠯᠴᠠᠵᠤ ᠵᠣᠬᠢᠴᠠᠭᠤᠯᠬᠤ ᠠᠵᠢᠯ ᠢ ᠬᠠᠷᠢᠭᠤᠴᠠᠭᠤᠯᠤᠨ᠎ᠠ᠃ ᠡᠯ᠎ᠡ ᠭᠡᠰᠢᠭᠦᠨ ᠨᠢᠭᠡᠴᠡ ᠶᠢᠨ ᠭᠡᠰᠢᠭᠦᠨ᠂ ᠬᠤᠯᠪᠣᠭᠠᠴᠢᠨ ᠬᠡᠷᠪᠡ ᠠᠵᠢᠯ ᠤᠨ ᠬᠤᠪᠢᠷᠠᠯᠲᠠ ᠭᠠᠷᠪᠠᠯ ᠪᠠᠶᠢᠭ᠎ᠠ ᠨᠢᠭᠡᠴᠡ ᠠᠴᠠ ᠴᠠᠭ ᠲᠤᠬᠠᠶ ᠳᠤᠨᠢ ᠲᠣᠬᠢᠷᠠᠭᠤᠯᠬᠤ ᠰᠠᠨᠠᠯ ᠢᠶᠠᠨ ᠳᠤᠷᠠᠳᠴᠤ᠂ ᠲᠣᠭᠤᠷᠢᠭ ᠤᠨ ᠠᠷᠠᠳ ᠤᠨ ᠵᠥᠪᠯᠡᠯ ᠳᠤ ᠮᠡᠳᠡᠭᠦᠯᠦᠨ ᠳᠠᠩᠰᠠᠯᠠᠭᠤᠯᠤᠨ᠎ᠠ᠃      ︵ᠬᠤᠶᠠᠷ︶᠂ ᠪᠥᠬᠦᠳᠡ ᠬᠤᠷᠠᠯ ᠤᠨ ᠲᠦᠷᠢᠮ᠃ ᠨᠢᠭᠡ ᠳᠤ᠂ ᠲᠣᠭᠲᠠᠮᠠᠯ ᠬᠤᠷᠠᠯ ᠤᠨ ᠳᠦᠷᠢᠮ᠃ ᠵᠢᠯ ᠪᠦᠷᠢ ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠳ ᠤᠨ ᠪᠥᠬᠦᠳᠡ ᠬᠤᠷᠠᠯ ᠢ ᠨᠢᠭᠡ ᠤᠳᠠᠭ᠎ᠠ ᠬᠤᠷᠠᠯᠳᠤᠭᠤᠯᠵᠤ᠂ ᠬᠡᠷᠡᠭᠴᠡᠭᠡ ᠪᠠᠨ ᠦᠨᠳᠦᠰᠦᠯᠡᠨ ᠴᠠᠭ ᠲᠤᠨᠢ ᠲᠣᠬᠢᠷᠠᠭᠤᠯᠤᠨ ᠬᠤᠷᠠᠯᠳᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠲᠤᠭᠤᠷᠢᠭ ᠤᠨ ᠦᠨᠳᠦᠰᠦᠲᠡᠨ ᠤ ᠠᠵᠢᠯ ᠤᠨ ᠬᠤᠯᠪᠣᠭᠳᠠᠯ ᠪᠥᠬᠦᠶ ᠪᠠᠶᠢᠳᠠᠯ ᠢ ᠵᠠᠷᠯᠠᠨ ᠮᠡᠳᠡᠭᠳᠡᠵᠦ᠂ ᠭᠡᠰᠢᠭᠦᠨ ᠨᠢᠭᠡᠴᠡ ᠶᠢᠨ ᠦᠨᠳᠦᠰᠦᠲᠡᠨ ᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠨᠳᠦᠰᠦᠲᠡᠨ ᠤ ᠬᠦᠷᠢᠶᠡᠨ ᠳᠠᠬᠢ ᠴᠢᠬᠤᠯᠠ ᠶᠡᠭᠡ ᠤᠴᠢᠷ ᠶᠠᠪᠤᠳᠠᠯ ᠪᠠ ᠭᠤᠤᠯᠳᠠᠯᠭ᠎ᠠ ᠲᠠᠢ ᠡᠭᠦᠷᠭᠡ ᠵᠡᠷᠭᠡ ᠶᠢ ᠰᠤᠳᠤᠯᠤᠨ ᠪᠠᠶᠢᠷᠢᠯᠠᠭᠤᠯᠪᠠ᠃ ᠬᠤᠶᠠᠷ ᠲᠤ᠂ ᠰᠤᠯᠠ ᠣᠷᠣᠯᠴᠠᠬᠤ ᠲᠦᠷᠢᠮ᠃ ᠡᠯ᠎ᠡ ᠭᠡᠰᠢᠭᠦᠨ ᠨᠢᠭᠡᠴᠡ ᠶᠢᠨ ᠬᠤᠯᠪᠣᠭᠠᠴᠢᠨ ᠵᠢᠯ ᠪᠦᠷᠢ ᠪᠥᠬᠦ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ ᠶᠢᠨ ᠬᠤᠷᠠᠯ ᠳᠤ ᠰᠤᠯᠠ ᠣᠷᠣᠯᠴᠠᠵᠤ᠂ ᠦᠨᠳᠦᠰᠦᠲᠡᠨ ᠤ ᠠᠵᠢᠯ ᠤᠨ ᠣᠨ ᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠵᠢᠯ ᠤᠨ ᠠᠵᠢᠯ ᠤᠨ ᠲᠣᠬᠢᠷᠠᠭᠤᠯᠤᠯᠲᠠ ᠶᠢ ᠤᠶᠢᠯᠠᠭᠠᠨ ᠡᠵᠡᠮᠰᠢᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠲᠣᠰ ᠨᠢᠭᠡᠴᠡ ︵ᠰᠠᠯᠠᠭ᠎ᠠ ᠮᠥᠴᠢᠷ︶᠎ ᠶᠢᠨ ᠦᠨᠳᠦᠰᠦᠲᠡᠨ ᠤ ᠠᠵᠢᠯ ᠰᠠᠶᠢᠲᠤᠷ ᠬᠢᠨ᠎ᠡ᠃       ︵ᠭᠤᠷᠪᠠ︶ ᠵᠥᠪᠯᠡᠯᠭᠡᠨ ᠤ ᠵᠥᠪᠯᠡᠯᠭᠡᠨ ᠤ ᠳᠦ᠋ᠷᠢᠮ᠃ ᠪᠥᠬᠦ ᠣᠷᠣᠨ ᠤ ᠦᠨᠳᠦᠰᠦᠲᠡᠨ ᠤ ᠠᠵᠢᠯ ᠳᠤ ᠬᠤᠯᠪᠣᠭᠳᠠᠬᠤ ᠠᠯᠤᠰ ᠬᠡᠲᠦ ᠶᠢᠨ ᠬᠥᠭᠵᠢᠯᠲᠡ ᠶᠢᠨ ᠲᠥᠯᠥᠪᠵᠢᠭᠦᠯᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠣᠬᠢᠷᠠᠭᠤᠯᠤᠯᠲᠠ᠂ ᠴᠢᠬᠤᠯᠠ ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ᠂ ᠭᠤᠤᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠵᠢᠴᠢ ᠪᠤᠰᠤᠳ ᠴᠢᠬᠤᠯᠠ ᠶᠡᠭᠡ ᠵᠦᠢᠯᠡᠰ ᠲᠤ᠂ ᠪᠥᠬᠦᠳᠡ ᠬᠤᠷᠠᠯ᠂ ᠲᠤᠰᠬᠠᠶ ᠰᠡᠳᠦᠪᠲᠦ ᠬᠤᠷᠠᠯ᠂ ᠵᠥᠪᠳᠡᠯᠴᠡᠨ ᠶᠠᠷᠢᠯᠴᠠᠬᠤ᠂ ᠪᠢᠴᠢᠭ ᠮᠠᠲ᠋ᠧᠷᠢᠶᠠᠯ ᠢ ᠵᠠᠬᠢᠳᠠᠯ ᠢᠶᠠᠷ ᠠᠰᠠᠭᠤᠬᠤ᠂ ᠬᠠᠮᠲᠤᠷᠠᠨ ᠪᠠᠶᠢᠴᠠᠭᠠᠨ ᠰᠤᠳᠤᠯᠬᠤ ᠵᠡᠷᠭᠡ ᠠᠷᠭ᠎ᠠ ᠮᠠᠶ᠋ᠢᠭ ᠢᠶᠠᠷ ᠬᠠᠮᠢᠶ᠎ᠠ ᠪᠥᠬᠦᠶ ᠭᠡᠰᠢᠭᠦᠨ ᠨᠢᠭᠡᠴᠢ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠬᠠᠮᠲᠤ ᠪᠠᠷ ᠰᠤᠳᠤᠯᠤᠨ ᠬᠢᠨᠠᠨ ᠵᠥᠪᠯᠡᠵᠦ᠂ ᠵᠦᠶ ᠵᠣᠬᠢᠰᠲᠠᠶ ᠠᠷᠭ᠎ᠠ ᠤᠬᠠᠭᠠᠨ ᠭᠠᠷᠭᠠᠵᠤ᠂ ᠠᠵᠢᠯ ᠢᠶᠠᠨ ᠬᠠᠮᠲᠤ ᠪᠠᠷ ᠰᠠᠶᠢᠲᠤᠷ ᠬᠢᠨ᠎ᠠ᠃      ︵ᠳᠥᠷᠪᠡ︶᠂ ᠠᠵᠢᠯ ᠤᠨ ᠳ᠋ᠦᠩᠨᠡᠯᠲᠡ ᠶᠢᠨ ᠳᠦᠷᠢᠮ᠃ ᠭᠡᠰᠢᠭᠦᠨ ᠨᠢᠭᠡᠴᠡ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠠᠵᠢᠯ ᠤᠨ ᠡᠬᠡ ᠲᠠᠩᠰᠠ ᠪᠠ ᠡᠭᠦᠷᠭᠡ ᠶᠢᠨ ᠨᠠᠷᠢᠨ ᠲᠠᠩᠰᠠ ᠶᠢ ᠪᠠᠶᠢᠭᠤᠯᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠵᠢᠯ ᠪᠦᠷᠢ ᠶᠢᠨ ᠳᠤᠮᠳᠠ᠂ ᠵᠢᠯ ᠤᠨ ᠡᠴᠦᠰ ᠲᠤ ᠲᠣᠰ ᠨᠢᠭᠡᠴᠡ ︵ᠰᠠᠯᠠᠭ᠎ᠠ ᠮᠥᠴᠢᠷ︶︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯ ᠤᠨ ᠳ᠋ᠦᠩᠨᠡᠯᠲᠡ ᠶᠢ ᠥᠷᠨᠢᠭᠦᠯᠵᠦ᠂ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠤᠯ ᠱᠤᠭᠤᠮ ᠤᠨ ᠲᠣᠭᠤᠷᠢᠨ ᠳᠤ ᠥᠷᠨᠢᠭᠦᠯᠦᠭᠰᠡᠨ ᠭᠤᠤᠯᠳᠠᠯᠭ᠎ᠠ ᠲᠠᠢ ᠠᠵᠢᠯ᠂ ᠠᠪᠤᠭᠰᠠᠨ ᠪᠣᠳᠠᠲᠠᠶ ᠠᠷᠭ᠎ᠠ ᠬᠡᠮᠵᠢᠶ᠎ᠡ᠂ ᠣᠯᠤᠭᠰᠠᠨ ᠠᠵᠢᠯ ᠤᠨ ᠦᠷ᠎ᠡ ᠪᠦᠲᠦᠮᠵᠢ ᠶᠢ ᠲᠤᠭᠤᠷᠢᠭ ᠤᠨ ᠠᠷᠠᠳ ᠤᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠶ᠃      ︵ᠲᠠᠪᠤ︶ ᠮᠡᠳᠡᠭᠡ ᠵᠠᠩᠭᠢ ᠶᠢᠨ ᠨᠡᠪᠲᠡᠷᠡᠭᠦᠯᠬᠦ ᠳᠦᠷᠢᠮ᠃ ᠲᠣᠭᠤᠷᠢᠭ ᠤᠨ ᠠᠷᠠᠳ ᠤᠨ ᠵᠥᠪᠯᠡᠯ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠭᠡᠰᠢᠭᠦᠨ ᠨᠢᠭᠡᠴᠡ ᠳᠤ ᠪᠢᠴᠢᠭ ᠮᠠᠲ᠋ᠧᠷᠢᠶᠠᠯ᠂ ᠰᠤᠷᠤᠯᠴᠠᠬᠤ ᠮᠠᠲ᠋ᠧᠷᠢᠶᠠᠯ ᠵᠡᠷᠭᠡ ᠬᠡᠯᠪᠡᠷᠢ ᠶᠢ ᠬᠠᠩᠭᠠᠵᠤ᠂ ᠡᠯ᠎ᠡ ᠭᠡᠰᠢᠭᠦᠨ ᠨᠢᠭᠡᠴᠡ ᠳᠤ ᠦᠨᠳᠦᠰᠦᠲᠡᠨ ᠤ ᠠᠵᠢᠯ ᠤᠨ ᠴᠢᠬᠤᠯᠠ ᠶᠡᠭᠡ ᠪᠠᠶᠢᠷᠢᠯᠠᠭᠤᠯᠤᠯᠲᠠ ᠵᠢᠴᠢ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠨ᠎ᠡ᠃ ᠡᠯ᠎ᠡ ᠭᠡᠰᠢᠭᠦᠨ ᠨᠢᠭᠡᠴᠡ ᠰᠠᠷ᠎ᠠ ᠪᠦᠷᠢ ᠦᠨᠳᠦᠰᠦᠲᠡᠨ ᠤ ᠠᠵᠢᠯ ᠤᠨ ᠬᠥᠳᠡᠯᠦᠩᠭᠦᠶ ᠮᠡᠳᠡᠭᠡ ᠵᠠᠩᠭᠢ ᠶᠢ ᠨᠠᠭᠠᠳᠤ ᠵᠠᠬ᠎ᠠ ᠳᠠᠭᠠᠨ 1 ᠬᠤᠪᠢ ᠮᠡᠳᠡᠭᠦᠯᠦᠨ ᠬᠦᠷᠭᠡᠵᠦ᠂ ᠵᠢᠯ ᠪᠦᠷᠢ ᠶᠢᠨ ︽ᠨᠢᠭᠡ ᠭᠠᠷᠠᠭ ᠲᠤ ᠬᠤᠶᠠᠷ ᠰᠠᠷ᠎ᠠ︾᠎ ᠶᠢᠨ ᠬᠤᠭᠤᠴᠠᠭᠠᠨ ᠳᠤ ᠨᠠᠭᠠᠳᠤ ᠵᠠᠬ᠎ᠠ ᠳᠠᠭᠠᠨ 4 ᠬᠤᠪᠢ ᠠᠵᠢᠯ ᠤᠨ ᠬᠥᠳᠡᠯᠦᠩᠭᠦᠶ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠴᠠᠭ ᠲᠤᠬᠠᠶ ᠳᠤᠨᠢ ᠬᠤᠷᠢᠶᠠᠩᠭᠤᠶᠢᠯᠠᠨ ᠲᠤᠰᠬᠠᠶ ᠮᠡᠳᠡᠭᠦᠯᠦᠯᠲᠡ ᠬᠢᠵᠦ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠳᠤ ᠬᠠᠷᠢᠭᠤ ᠮᠡᠳᠡᠭᠦᠯᠦᠨ᠎ᠡ᠃      ︵ᠵᠢᠷᠭᠤᠭ᠎ᠠ︶ ᠰᠤᠳᠤᠯᠤᠨ ᠶᠠᠷᠢᠯᠴᠠᠵᠤ ᠪᠤᠯᠪᠠᠰᠤᠷᠠᠬᠤᠯᠬᠤ ᠳᠦ᠋ᠷᠢᠮ᠃ ᠲᠣᠭᠤᠷᠢᠭ ᠤᠨ ᠠᠷᠠᠳ ᠤᠨ ᠵᠥᠪᠯᠡᠯ ᠵᠢᠯ ᠪᠦᠷᠢ ᠨᠢᠭᠡ ᠤᠳᠠᠭ᠎ᠠ ᠦᠨᠳᠦᠰᠦᠲᠡᠨ ᠤ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠯ ᠡᠷᠬᠢᠯᠡᠵᠦ᠂ ᠤᠨᠤᠯ ᠤᠨ ᠰᠤᠷᠤᠯᠴᠠᠯᠭ᠎ᠠ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠴᠢᠩᠭᠠᠳᠬᠠᠵᠤ᠂ ᠡᠯ᠎ᠡ ᠭᠡᠰᠢᠭᠦᠨ ᠨᠢᠭᠡᠴᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠ ᠬᠢᠷᠢ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ ᠃      ︵ᠳᠣᠯᠤᠭ᠎ᠠ︶  ᠬᠢᠨᠠᠯᠲᠠ ᠲᠠᠯᠪᠢᠵᠤ ᠪᠠᠶᠢᠴᠠᠭᠠᠬᠤ ᠳᠦᠷᠢᠮ᠃ ᠦᠨᠳᠦᠰᠦᠲᠡᠨ ᠤ ᠠᠵᠢᠯ ᠪᠣᠯ ᠪᠦᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠵᠢᠯ ᠮᠥᠨ᠂ ᠡᠯ᠎ᠡ ᠭᠡᠰᠢᠭᠦᠨ ᠨᠢᠭᠡᠴᠢ ᠨᠦᠭᠦᠳ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢ ᠨᠠᠶᠢᠳᠠᠪᠤᠷᠢᠵᠢᠭᠤᠯᠬᠤ ᠬᠡᠷᠡᠭᠲᠡᠢ᠃︶ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠦᠨᠳᠦᠰᠦᠲᠡᠨ ᠤ ᠠᠵᠢᠯ ᠬᠢᠭᠡᠳ ᠲᠤᠰ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠢ ᠵᠡᠷᠭᠡ ᠪᠠᠷ ᠪᠠᠶᠢᠷᠢᠯᠠᠭᠤᠯᠵᠤ᠂ ᠵᠡᠷᠭᠡ ᠪᠠᠷ ᠨᠠᠶᠢᠳᠠᠪᠤᠷᠢᠵᠢᠭᠤᠯᠤᠨ᠎ᠠ᠃ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠡᠰᠢᠭᠦᠨ ᠨᠢᠭᠡᠴᠡ ᠶᠢᠨ ᠦᠨᠳᠦᠰᠦᠲᠡᠨ ᠤ ᠠᠵᠢᠯ ᠢ ᠵᠢᠯᠣᠭᠤᠳᠬᠤ ᠪᠠ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠵᠢᠯ ᠪᠦᠷᠢ ᠲᠣᠭᠤᠷᠢᠭ ᠤᠨ ᠨᠠᠮ ᠤᠨ ᠬᠤᠷᠢᠶᠠᠨ ᠤ ᠣᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠲᠠᠢ ᠤᠶᠠᠯᠳᠤᠭᠤᠯᠤᠨ ᠦᠨᠳᠦᠰᠦᠲᠡᠨ ᠤ ᠠᠵᠢᠯ ᠤᠨ ᠦᠷ᠎ᠡ ᠪᠦᠲᠦᠮᠵᠢ ᠶᠢᠨ ᠦᠨᠡᠯᠡᠯᠲᠡ ᠬᠢᠨ᠎ᠡ᠃ ᠦᠨᠳᠦᠰᠦᠲᠡᠨ ᠤ ᠠᠵᠢᠯ ᠢ ᠴᠢᠬᠤᠯᠠᠴᠢᠯᠠᠬᠤ ᠦᠭᠡᠢ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠭᠡᠰᠢᠭᠦᠨ ᠨᠢᠭᠡᠴᠡ ᠶᠢ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠳᠡᠪᠰᠢᠭᠦᠯᠦᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠠᠰᠠᠭᠤᠳᠠᠯ ᠬᠦᠨᠳᠦ ᠨᠣᠴᠢᠲᠠᠢ ᠲᠣᠬᠢᠶᠠᠯᠳᠤᠪᠠᠯ ᠬᠠᠷᠢᠭᠤᠴᠠᠯᠭ᠎ᠠ ᠨᠡᠬᠡᠮᠵᠢᠯᠡᠬᠦ ᠲᠡᠰ ᠳᠠᠷᠠᠭᠠᠯᠠᠯ ᠢ ᠡᠬᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠦᠨ ᠰᠠᠬᠢᠯᠭ᠎ᠠ ᠪᠠᠲᠤ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃
政府公报内页(5).jpg
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号