11 ᠰᠠᠷ᠎ᠠ ᠶᠢᠨ 15 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠤᠯ ᠰᠡᠳᠦᠪᠲᠦ ᠬᠥᠮᠦᠵᠢᠯ ᠤᠨ ᠤᠳᠤᠷᠢᠳᠬᠤ ᠲᠤᠭᠤᠶᠢᠯᠠᠩ ᠤᠨ | ᠳᠥᠷᠪᠡᠳᠦᠭᠡᠷ ᠤᠳᠠᠭᠠᠨ ᠤ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠬᠤᠷᠠᠯ ᠢ ᠡᠷᠬᠢᠯᠡᠭᠰᠡᠨ | ᠪᠥᠭᠡᠳ ᠶᠠᠷᠢᠶ᠎ᠠ ᠲᠠᠯᠪᠢᠵᠠᠢ᠃ | ᠬᠤᠷᠠᠯ ᠠᠴᠠ ᠼᠠᠢ ᠴᠢ ᠨᠥᠬᠦᠷ ᠤᠨ ᠲᠥᠪ ᠤᠨ ᠭᠤᠤᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ᠲᠥᠪ ᠬᠤᠷᠢᠶ᠎ᠠ | ᠵᠢᠴᠢ ᠥᠪᠡᠷᠲᠡᠭᠡᠨ ᠵᠠᠰᠠᠬᠤ ᠣᠷᠣᠨ ᠤ ᠭᠤᠤᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠶ ᠭᠠᠩ ᠨᠥᠬᠦᠷ ᠤᠨ ᠪᠠᠶᠢᠴᠠᠭᠠᠨ | ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ | ᠬᠠᠶᠢᠷᠤᠪ ᠤᠨ ᠲᠣᠬᠤᠢ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠰᠦᠨ ᠬᠤᠤ᠂ ᠭᠤᠤᠯ ᠰᠡᠳᠦᠪᠲᠦ ᠬᠥᠮᠦᠵᠢᠯ ᠤᠨ ᠴᠢᠬᠤᠯᠠ ᠴᠢᠨᠠᠷ ᠢ ᠵᠥᠪ ᠲᠠᠨᠢᠵᠤ᠂ ᠡᠯ᠎ᠡ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠭᠤᠤᠯ ᠰᠡᠳᠦᠪᠲᠦ ᠬᠥᠮᠦᠵᠢᠯ ᠤᠨ ᠤᠯᠤᠰ ᠲᠥᠷᠦ ᠶᠢᠨ | ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠭᠤᠤᠯ ᠰᠡᠳᠦᠪᠲᠦ ᠬᠥᠮᠦᠵᠢᠯ ᠢ ᠪᠢᠳᠡᠨ ᠤ ᠬᠦᠴᠢᠷ ᠠᠰᠠᠭᠤᠳᠠᠯ ᠢ | ᠰᠢᠢᠳᠪᠦᠷᠢᠯᠡᠬᠦ ᠤᠯᠤᠰ ᠲᠥᠷᠦ ᠶᠢᠨ ᠠᠵᠠ ᠲᠣᠬᠢᠶᠠᠯ ᠪᠣᠯᠭᠠᠵᠤ᠂ ᠦᠵᠡᠯ ᠰᠠᠨᠠᠭ᠎ᠠ ᠪᠠᠨ ᠨᠢᠭᠡᠳᠬᠡᠵᠦ᠂ | ᠲᠠᠨᠢᠯᠲᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ | ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠡᠷᠡᠭᠲᠡᠶ︔ ᠭᠤᠤᠯ ᠰᠡᠳᠦᠪᠲᠦ ᠬᠥᠮᠦᠵᠢᠯ ᠤᠨ ︽1 +3+1︾ | ᠲᠠᠪᠤᠨ ᠵᠦᠢᠯ ᠤᠨ ᠡᠭᠦᠷᠭᠡ ᠶᠢ ᠬᠦᠢᠴᠡᠳ ᠲᠠᠨᠢᠵᠤ᠂ ᠳᠦᠷᠢᠮ ᠲᠣᠭᠲᠠᠭᠠᠯ ᠲᠣᠭᠲᠠᠭᠠᠬᠤ ᠲᠠᠪᠤᠨ ᠵᠦᠢᠯ ᠤᠨ | ᠠᠷᠭ᠎ᠠ ᠬᠡᠮᠵᠢᠶ᠎ᠡ ᠶᠢ ᠪᠦᠲᠦᠮᠵᠢᠲᠡᠶ ᠬᠡᠷᠡᠭᠯᠡᠬᠦ ᠬᠡᠷᠡᠭᠲᠡᠶ᠃ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠦᠨᠡᠨ ᠠᠴᠠ | ᠵᠥᠪ ᠢ ᠡᠷᠢᠬᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠬᠦ ᠶᠢ ᠪᠠᠷᠢᠮᠲᠠᠯᠠᠵᠤ᠂ ᠦᠷᠭᠦᠯᠵᠢᠯᠡᠨ ᠰᠠᠶᠢᠲᠤᠷ ᠪᠠᠶᠢᠴᠠᠭᠠᠨ | ᠰᠤᠳᠤᠯᠤᠯᠲᠠ ᠬᠢᠵᠦ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠬᠦᠴᠢᠷ ᠠᠰᠠᠭᠤᠳᠠᠯ᠂ ᠤᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠭᠤᠣᠯ ᠰᠡᠳᠦᠪ ᠪᠣᠯᠭᠠᠨ | ᠰᠤᠳᠤᠯᠤᠨ ᠶᠠᠷᠢᠯᠴᠠᠵᠤ᠂ ᠪᠣᠳᠠᠲᠠᠢ ᠰᠡᠳᠦᠪ ᠰᠢᠢᠳᠪᠦᠷᠢᠯᠡᠬᠦ ᠠᠷᠭ᠎ᠠ ᠶᠢ ᠡᠷᠢᠬᠦ ᠬᠡᠷᠡᠭᠲᠡᠢ ᠭᠡᠵᠤ ᠬᠡᠯᠡᠪᠡ᠃ |