ᠴᠤᠤᠷᠬᠠᠯ ᠢ ᠨᠢᠴᠤᠭᠠᠬᠤ ᠢᠯᠡᠷᠬᠡᠶᠢᠯᠡᠯᠲᠡ
ᠨᠡᠶᠢᠲᠡᠯᠡᠭᠰᠡᠨ ᠴᠠᠭ᠄
2023/11/22
      ᠣᠶᠢᠷ᠎ᠠ ᠳᠤ᠂ ︽ᠠᠵᠢᠯᠲᠠᠨ ᠠᠵᠢᠯᠴᠢᠨ ᠠᠩᠬᠠᠷ︕ 2024 ᠣᠨ ᠠᠴᠠ ᠡᠬᠢᠯᠡᠨ᠂ ᠠᠵᠢᠯᠲᠠᠨ  ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠲᠤᠰᠢᠶᠠᠬᠤ ᠶᠠᠪᠤᠳᠠᠯ ᠢ ᠲᠦᠢᠯᠪᠤᠷᠢᠲᠠᠶ  ᠥᠭᠡᠷᠡᠴᠢᠯᠡᠨ᠎ᠡ︾ ᠭᠡᠰᠡᠨ ᠵᠣᠬᠢᠶᠠᠯ ᠪᠠ ᠬᠤᠯᠪᠣᠭᠳᠠᠯ ᠪᠥᠬᠦᠶ ᠵᠢᠷᠤᠭ ᠨᠢ ᠬᠡᠰᠡᠭ ᠸᠢᠴᠠᠲ ᠤᠨ ᠪᠦᠯᠦᠭ᠂  ᠸᠢᠴᠠᠲ ᠤᠨ ᠨᠠᠶᠢᠵᠠ ᠶᠢᠨ ᠲᠣᠭᠤᠷᠢᠭ ᠵᠡᠷᠭᠡ ᠰᠦᠯᠵᠢᠶᠡᠨ ᠳᠡᠭᠡᠷ᠎ᠡ ᠲᠠᠷᠬᠠᠵᠤ ᠪᠠᠶᠢᠨ᠎ᠠ᠃ ᠬᠢᠨᠠᠨ  ᠬᠠᠷᠭᠤᠭᠤᠯᠤᠭᠰᠠᠨ ᠤ ᠳ᠋ᠦᠩ ᠳᠤ᠂ ︽ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ  ᠬᠤᠪᠢ ᠬᠥᠮᠦᠨ ᠤ ᠳᠠᠩᠰᠠᠨ ᠡᠷᠦᠬᠡ ᠳᠤ ᠣᠷᠣᠭᠤᠯᠬᠤ ᠦᠭᠡᠶ︾ ︽ᠬᠤᠪᠢ ᠬᠥᠮᠦᠨ ᠳᠤ ᠥᠪᠡᠷ ᠤᠨ ᠡᠮ  ᠡᠮᠨᠡᠯᠭᠡ ᠶᠢᠨ ᠳᠠᠭᠠᠳᠬᠠᠯ ᠤᠨ ᠳᠠᠩᠰᠠᠨ ᠡᠷᠦᠬᠡ ᠪᠠᠶᠢᠬᠤ ᠦᠭᠡᠶ︾ ᠭᠡᠬᠦ ᠵᠡᠷᠭᠡ ᠬᠤᠯᠪᠣᠭᠳᠠᠯ ᠪᠦᠬᠦᠢ ᠠᠭᠤᠯᠭ᠎ᠠ ᠨᠢ  ᠴᠥᠮ ᠴᠤᠤᠷᠬᠠᠯ ᠲᠠᠯᠪᠢᠵᠤ ᠪᠠᠶᠢᠭ᠎ᠠ ᠬᠡᠷᠡᠭ ᠶᠤᠮ᠃       ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ︽ᠠᠵᠢᠯᠲᠠᠨ ᠠᠵᠢᠯᠴᠢᠨ ᠤ  ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ  ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ︹  2021 ︺14 ᠳ᠋ᠦ᠋ᠭᠡᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠤᠨ ᠡᠮ ᠡᠮᠨᠡᠯᠭᠡ ᠶᠢᠨ  ᠳᠠᠭᠠᠳᠬᠠᠯ ᠤᠨ ᠰᠠᠯᠠᠭ᠎ᠠ ᠮᠥᠴᠢᠷ ᠤᠳ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ  ᠡᠮᠨᠡᠯᠭᠡ ᠶᠢᠨ ᠬᠠᠷᠢᠯᠴᠠᠨ ᠬᠠᠷᠠᠭᠠᠯᠵᠠᠬᠤ ᠪᠠᠲᠤᠯᠠᠭ᠎ᠠ ᠶᠢᠨ ᠥᠭᠡᠷᠡᠴᠢᠯᠡᠯᠲᠡ ᠶᠢ ᠥᠷᠨᠢᠭᠦᠯᠬᠦ ᠪᠠᠷ ᠳᠠᠮᠵᠢᠭᠤᠯᠤᠨ᠂  ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ  ᠲᠥᠯᠥᠪᠵᠢᠭᠦᠯᠭᠡ ᠶᠢ ᠪᠠᠶᠢᠭᠤᠯᠤᠨ ᠪᠦᠷᠢᠨᠰᠢᠭᠦᠯᠵᠦ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠳᠤ  ᠣᠷᠣᠯᠴᠠᠭᠰᠠᠳ ᠤᠨ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠥᠭᠡᠷᠡᠴᠢᠯᠡᠯᠲᠡ ᠬᠢᠭᠰᠡᠨ ᠤ  ᠳᠠᠷᠠᠭ᠎ᠠ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠳᠠᠩᠰᠠᠨ ᠡᠷᠦᠬᠡ ᠶᠢᠨ  ᠳᠦᠷᠢᠮ ᠢ ᠬᠡᠪ ᠢᠶᠠᠷ ᠪᠠᠶᠢᠯᠭᠠᠵᠤ᠂ 3 ᠵᠦᠢᠯ ᠤᠨ ︽ᠬᠤᠪᠢᠷᠠᠯ ᠦᠭᠡᠶ︾᠎ ᠶᠢ ᠪᠠᠲᠤᠯᠠᠨ᠎ᠠ᠃ ᠨᠢᠭᠡ ᠳᠤ᠂ ᠬᠤᠪᠢ  ᠬᠥᠮᠦᠨ ᠤ ᠲᠠᠩᠰᠠᠨ ᠡᠷᠦᠬᠡ ᠶᠢᠨ ᠦᠯᠡᠳᠡᠪᠦᠷᠢ ᠶᠢᠨ ᠬᠠᠷᠢᠶᠠᠯᠠᠯ ᠨᠢ ᠬᠤᠪᠢᠷᠠᠬᠤ ᠦᠭᠡᠶ᠂ ᠥᠭᠡᠷᠡᠴᠢᠯᠡᠯᠲᠡ  ᠬᠢᠬᠦ ᠠᠴᠠ ᠡᠮᠦᠨᠡᠬᠢ ᠲᠡᠤᠬᠡ ᠶᠢᠨ ᠦᠯᠡᠳᠡᠪᠦᠷᠢ ᠪᠠ ᠥᠭᠡᠷᠡᠴᠢᠯᠡᠯᠲᠡ ᠬᠢᠭᠰᠡᠨ ᠤ ᠳᠠᠷᠠᠭ᠎ᠠ ᠰᠢᠨ᠎ᠡ ᠪᠠᠷ ᠰᠢᠯᠵᠢᠭᠦᠯᠦᠨ  ᠣᠷᠣᠭᠤᠯᠤᠭᠰᠠᠨ ᠠᠴᠠ ᠪᠣᠶ ᠪᠣᠯᠤᠭᠰᠠᠨ ᠦᠯᠡᠳᠡᠪᠦᠷᠢ ᠶᠢ ᠮᠥᠨ ᠬᠤᠪᠢ ᠬᠥᠮᠦᠨ ᠳᠤ ᠥᠮᠴᠢᠯᠡᠭᠦᠯᠵᠦ᠂ ᠬᠤᠪᠢ  ᠬᠥᠮᠦᠨ ᠵᠢᠴᠢ ᠬᠡᠷ ᠪᠦᠯᠢ ᠶᠢᠨ ᠬᠢᠨ ᠤ ᠡᠮ ᠡᠮᠨᠡᠯᠭᠡ ᠶᠢᠨ ᠵᠠᠷᠤᠳᠠᠯ ᠵᠡᠷᠭᠡ ᠵᠠᠷᠤᠯᠭ᠎ᠠ ᠳᠤ ᠬᠡᠷᠡᠭᠯᠡᠬᠦ ᠪᠥᠭᠡᠳ  ᠳ᠋ᠦᠩᠨᠡᠨ ᠰᠢᠯᠵᠢᠭᠦᠯᠵᠦ ᠬᠡᠷᠡᠭᠯᠡᠬᠦ ᠪᠠ ᠵᠠᠯᠭᠠᠮᠵᠢᠯᠠᠵᠤ ᠪᠣᠯᠤᠨ᠎ᠠ᠃ ᠬᠤᠶᠠᠷ ᠲᠤ᠂ ᠠᠵᠢᠯ ᠳᠤ ᠪᠠᠶᠢᠭ᠎ᠠ ᠠᠵᠢᠯᠲᠠᠨ  ᠠᠵᠢᠯᠴᠢᠨ ᠤ ᠬᠤᠪᠢ ᠬᠥᠮᠦᠨ ᠤ ᠲᠤᠰᠢᠶᠠᠬᠤ ᠵᠠᠷᠤᠳᠠᠯ ᠤᠨ ᠬᠠᠷᠢᠴᠠᠯ᠂ ᠭᠦᠢᠯᠭᠡᠭᠡᠨ ᠤ ᠬᠠᠨᠳᠤᠰᠢ ᠨᠢ ᠬᠤᠪᠢᠷᠠᠬᠤ  ᠦᠭᠡᠶ᠂ ᠮᠥᠨ ᠬᠦ ᠬᠤᠪᠢ ᠬᠥᠮᠦᠨ ᠤ ᠳᠠᠩᠰᠠᠨ ᠡᠷᠦᠬᠡ ᠳᠤ ᠪᠦᠬᠦᠨ ᠢᠶᠠᠷ ᠨᠢ ᠰᠢᠯᠵᠢᠭᠦᠯᠦᠨ ᠣᠷᠣᠭᠤᠯᠤᠨ᠎ᠠ᠃  ᠭᠤᠷᠪᠠ ᠳᠤ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠰᠦᠢᠳᠭᠡᠯ ᠲᠤᠰᠢᠶᠠᠬᠤ ᠥᠬᠡᠶ ᠪᠠᠶᠢᠬᠤ ᠲᠥᠷᠥ ᠶᠢᠨ  ᠪᠣᠳᠣᠯᠭ᠎ᠠ ᠨᠢ ᠬᠤᠪᠢᠷᠠᠬᠤ ᠦᠭᠡᠶ᠂ ᠬᠤᠪᠢ ᠬᠥᠮᠦᠨ ᠤ ᠲᠠᠩᠰᠠᠨ ᠡᠷᠦᠬᠡ ᠶᠢᠨ ᠪᠠᠯᠠ ᠮᠥᠩᠭᠦ ᠶᠢ ᠮᠥᠨ ᠯᠡ  ᠨᠢᠭᠡᠳᠦᠯᠲᠡᠶ ᠲᠥᠯᠥᠪᠯᠡᠬᠦ ᠰᠠᠭᠤᠷᠢ ᠮᠥᠩᠭᠦ ᠠᠴᠠ ᠬᠤᠪᠢᠶᠠᠷᠢᠯᠠᠨ ᠣᠷᠣᠭᠤᠯᠤᠨ᠎ᠠ᠃ ᠣᠳᠣᠬᠠᠨ ᠳᠤ ᠥᠭᠡᠷᠡᠴᠢᠯᠡᠯᠲᠡ  ᠨᠢᠭᠡᠨᠲᠡ ᠢᠳᠡᠪᠬᠢᠲᠡᠶ ᠦᠷ᠎ᠡ ᠪᠦᠲᠦᠮᠵᠢ ᠣᠯᠵᠤ᠂ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ  ᠡᠭᠦᠳᠡᠨ ᠡᠮᠨᠡᠯᠭᠡ ᠶᠢᠨ ᠬᠠᠷᠠᠭᠠᠯᠵᠠᠯ ᠤᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ 2023 ᠣᠨ ᠤ ᠳᠡᠭᠡᠷ᠎ᠡ ᠬᠠᠭᠠᠰ ᠵᠢᠯ ᠳᠤ ᠡᠩ ᠤᠨ ᠡᠭᠦᠳᠡᠨ ᠡᠮᠨᠡᠯᠭᠡ ᠶᠢᠨ ᠨᠢᠭᠡᠳᠦᠯᠲᠡᠶ ᠲᠥᠯᠥᠪᠯᠡᠨ ᠠᠵᠢᠯᠲᠠᠨ ᠠᠵᠢᠯᠴᠢᠨ ᠤ ᠡᠮ  ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠳ ᠲᠤ 11.24 ᠳ᠋ᠦᠩᠰᠢᠭᠤᠷ ᠬᠥᠮᠦᠨ ᠤᠳᠠᠭ᠎ᠠ ᠠᠰᠢᠭ ᠬᠦᠷᠲᠡᠭᠡᠪᠡ ᠃ ᠰᠦᠯᠵᠢᠶᠡᠨ ᠳᠡᠭᠡᠷ᠎ᠡ ᠲᠠᠷᠬᠠᠭᠳᠠᠵᠤ ᠪᠠᠶᠢᠭ᠎ᠠ ︽ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ  ᠬᠤᠪᠢ ᠬᠥᠮᠦᠨ ᠤ ᠳᠠᠩᠰᠠᠨ ᠡᠷᠦᠬᠡ ᠶᠢ ᠬᠦᠴᠦᠨ ᠦᠭᠡᠶ ᠪᠣᠯᠭᠠᠨ᠎ᠠ︾ ᠭᠡᠰᠡᠨ ᠬᠤᠯᠪᠣᠭᠳᠠᠯ ᠪᠦᠬᠦᠢ ᠵᠣᠬᠢᠶᠠᠯ ᠤᠨ ᠠᠭᠤᠯᠭ᠎ᠠ ᠪᠠ ᠲᠠᠰᠤᠯᠳᠠᠯ ᠵᠢᠷᠤᠭ ᠪᠣᠯ ᠲᠡᠷᠡ ᠴᠢᠭ ᠢᠶᠠᠷ ᠢᠶᠠᠨ ᠴᠤᠤᠷᠬᠠᠯ ᠲᠠᠯᠪᠢᠭᠰᠠᠨ ᠶᠠᠪᠤᠳᠠᠯ ᠮᠥᠨ᠂ ᠪᠢᠳᠡ  ᠬᠤᠯᠪᠣᠭᠳᠠᠯ ᠪᠦᠬᠦᠢ ᠴᠤᠤᠷᠬᠠᠯ ᠲᠠᠯᠪᠢᠭᠴᠢ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠡᠷᠬᠡ ᠶᠢ ᠬᠡᠪ ᠢᠶᠠᠷ ᠦᠯᠡᠳᠡᠭᠡᠨ᠎ᠡ᠃        ᠢᠷᠡᠯᠲᠡ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ      
 
ᠢᠷᠡᠯᠲᠡ᠄ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号