ᠲᠤᠰᠬᠠᠢ ᠠᠵᠢᠯᠯᠠᠭ᠎ᠠ︕ ᠬᠠᠶᠢᠷᠤᠪ ᠤᠨ ᠲᠣᠬᠤᠢ ᠲᠣᠭᠤᠷᠢᠭ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠨ᠎ᠠ
ᠨᠡᠶᠢᠲᠡᠯᠡᠭᠰᠡᠨ ᠴᠠᠭ᠄
2023/11/23
      11 ᠰᠠᠷ᠎ᠠ ᠶᠢᠨ 22᠎ ᠤᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ 2023 ᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︽ᠡᠪᠦᠯ ᠤᠨ ᠤᠯᠠᠷᠢᠯ ᠤᠨ ᠲᠤᠰᠬᠠᠢ ᠠᠵᠢᠯᠯᠠᠭ᠎ᠠ︾᠎ ᠶᠢᠨ ᠬᠤᠷᠠᠯ ᠬᠤᠷᠠᠯᠳᠤᠪᠠ᠃      ᠬᠤᠷᠠᠯ ᠠᠴᠠ 2023 ᠣᠨ ᠤ ᠥᠪᠡᠷᠲᠡᠭᠡᠨ ᠵᠠᠰᠠᠬᠤ ᠣᠷᠣᠨ ᠤ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ︽ᠡᠪᠦᠯ ᠤᠨ ᠤᠯᠠᠷᠢᠯ ᠤᠨ ᠲᠤᠰᠬᠠᠶ ᠠᠵᠢᠯᠯᠠᠭ᠎ᠠ︾᠎ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠯ᠎ᠡ ᠬᠠᠮᠢᠶ᠎ᠠ ᠪᠥᠬᠦᠶ ᠨᠢᠭᠡᠴᠡ ᠰᠠᠯᠠᠭ᠎ᠠ ᠮᠥᠴᠢᠷ ᠠᠴᠠ ︽ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠤᠨ ᠲᠤᠰᠬᠠᠶ ᠠᠩᠭᠢ︾᠎ ᠶᠢ ᠪᠠᠶᠢᠭᠤᠯᠵᠤ᠂ ᠴᠠᠯᠢᠩ ᠥᠷᠢᠲᠦᠬᠦ ᠶᠢ ᠵᠠᠰᠠᠬᠤ ᠠᠵᠢᠯ ᠤᠨ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠥᠷᠢᠲᠦᠬᠦ ᠠᠰᠠᠭᠤᠳᠠᠯ ᠢ ᠲᠡᠷᠡ ᠳᠠᠷᠤᠶ ᠳᠤᠨᠢ ᠰᠠᠶᠢᠲᠤᠷ ᠰᠢᠢᠳᠪᠦᠷᠢᠯᠡᠬᠦ ᠬᠡᠷᠡᠭᠲᠡᠶ︔ ︽ᠮᠡᠳᠡᠭᠳᠡᠯ︾᠎ ᠳᠠᠬᠢ ᠴᠠᠯᠢᠩ ᠥᠷᠢᠲᠦᠬᠦ ᠲᠥᠷᠥᠯ ᠵᠦᠢᠯ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠠᠵᠢᠯ ᠤᠨ ᠡᠬᠡ ᠲᠠᠩᠰᠠ ᠪᠠᠶᠢᠭᠤᠯᠵᠤ᠂ ᠲᠥᠷᠥᠯ ᠵᠦᠢᠯ ᠳᠠᠷᠠᠭᠠᠯᠠᠨ ᠬᠥᠯᠥᠰᠥᠨ ᠠᠵᠢᠯᠴᠢᠨ ᠤ ᠴᠠᠯᠢᠩ ᠢ ᠰᠢᠢᠳᠪᠦᠷᠢᠯᠡᠬᠦ ᠲᠥᠰᠦᠯ ᠢ ᠨᠠᠶᠢᠳᠠᠪᠤᠷᠢᠵᠢᠭᠤᠯᠬᠤ ᠬᠡᠷᠡᠭᠲᠡᠶ︔ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ︽ᠬᠤᠶᠠᠷ ᠢ ᠪᠠᠶᠢᠴᠠᠭᠠᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠡᠯ᠎ᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠠᠯᠢᠩ ᠥᠭᠭᠦᠭᠰᠡᠨ ᠪᠠᠶᠢᠳᠠᠯ ᠢ ᠡᠷᠲᠡ ᠢᠯᠡᠷᠡᠭᠦᠯᠵᠦ᠂ ᠡᠷᠲᠡ ᠬᠠᠮᠢᠶᠠᠷᠴᠤ᠂ ᠡᠷᠲᠡ ᠰᠢᠢᠳᠪᠦᠷᠢᠯᠡᠬᠦ ᠬᠡᠷᠡᠭᠲᠡᠶ︔ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠤᠰ ᠲᠤᠰ ᠤᠨ ᠡᠭᠦᠷᠭᠡ ᠬᠠᠷᠢᠭᠤᠴᠠᠯᠭ᠎ᠠ ᠠᠴᠠ ᠪᠠᠨ ᠡᠭᠦᠰᠴᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠬᠠᠮᠲᠤᠪᠠᠷ ᠰᠠᠶᠢᠲᠤᠷ ᠬᠢᠵᠦ᠂ ᠬᠠᠶᠢᠷᠤᠪ ᠤᠨ ᠲᠣᠬᠤᠢ ᠲᠣᠭᠤᠷᠢᠭ ᠤᠨ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠡᠪᠦᠯ ᠤᠨ ᠤᠯᠠᠷᠢᠯ ᠤᠨ ᠲᠤᠰᠬᠠᠶ ᠠᠵᠢᠯᠯᠠᠭ᠎ᠠ ᠶᠢᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠨᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号