ᠬᠠᠶᠢᠷᠤᠪ ᠤᠨ ᠲᠤᠬᠤᠢ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠡᠭᠡ ᠰᠤᠷᠭᠠᠭᠤᠯᠢᠯᠠᠯ ᠤᠨ ᠠᠵᠢᠯᠯᠠᠭ᠎ᠠ ᠶᠢᠨ ᠨᠢᠭᠡᠳᠦᠭᠡᠷ ᠱᠠᠳᠤ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2023/11/23
      ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ 2022 ᠬᠡᠪᠯᠡᠯ ᠤᠨ ᠬᠢᠴᠢᠶᠡᠯ ᠤᠨ ᠪᠠᠷᠢᠮᠵᠢᠶ᠎ᠠ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠤᠨ᠂ ︽ᠬᠢᠴᠢᠶᠡᠯ ᠤᠨ ᠪᠠᠷᠢᠮᠵᠢᠶ᠎ᠠ ᠳᠤ ᠰᠠᠭᠤᠷᠢᠯᠠᠭᠰᠠᠨ ᠵᠢᠭᠠᠨ ᠰᠤᠷᠭᠠᠯᠲᠠ︾᠎ ᠶᠢᠨ ᠥᠭᠡᠷᠡᠴᠢᠯᠡᠯᠲᠡ ᠶᠢ ᠠᠬᠢᠭᠤᠯᠵᠤ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠪᠠᠭᠰᠢ ᠶᠢᠨ ᠲᠤᠰᠬᠠᠢ ᠮᠡᠷᠭᠡᠵᠢᠯ ᠤᠨ ᠪᠤᠶᠢᠵᠢᠯᠲᠠ ᠶᠢ ᠠᠬᠢᠭᠤᠯᠵᠤ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠂ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠠᠴᠠ ᠪᠥᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠡᠭᠡ ᠰᠤᠷᠭᠠᠭᠤᠯᠢᠯᠠᠯ ᠤᠨ ᠠᠵᠢᠯᠯᠠᠭ᠎ᠠ ᠥᠷᠨᠢᠭᠦᠯᠵᠦ᠂ 11 ᠰᠠᠷ᠎ᠠ ᠶᠢᠨ ᠳᠤᠮᠳᠠᠴᠢ ᠪᠣᠯᠲᠠᠯ᠎ᠠ᠂ ᠶᠡᠭᠡ ᠰᠤᠷᠭᠠᠭᠤᠯᠢᠯᠠᠯ ᠤᠨ ᠠᠵᠢᠯᠯᠠᠭ᠎ᠠ ᠶᠢᠨ ᠨᠢᠭᠡᠳᠦᠭᠡᠷ ᠱᠠᠲᠤ — ᠰᠤᠷᠭᠠᠭᠤᠯᠢ ᠶᠢᠨ ᠳᠣᠲᠣᠭᠠᠳᠤ ᠶᠢᠨ ᠶᠡᠭᠡ ᠰᠤᠷᠭᠠᠭᠤᠯᠢᠯᠠᠯ ᠲᠡᠭᠦᠰ ᠠᠮᠵᠢᠯᠲᠠ ᠲᠠᠢ ᠲᠡᠭᠦᠰᠪᠡ᠃      ᠡᠯ᠎ᠡ ᠰᠤᠷᠭᠠᠭᠤᠯᠢ ᠨᠤᠭᠤᠳ ︽ᠬᠠᠶᠢᠷᠤᠪ ᠤᠨ ᠲᠣᠬᠤᠢ ᠲᠣᠭᠤᠷᠢᠭ ᠤᠨ 2023 ᠣᠨ ᠤ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠡᠭᠡ ᠪᠣᠯᠪᠠᠰᠤᠷᠠᠯ ᠵᠢᠴᠢ ᠵᠠᠯᠠᠭᠤ ᠪᠠᠭᠰᠢ ᠶᠢᠨ ᠵᠢᠭᠠᠨ ᠰᠤᠷᠭᠠᠯᠲᠠ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠤ ᠲᠥᠰᠦᠯ︾᠎ ᠤᠨ ᠲᠣᠬᠢᠷᠠᠭᠤᠯᠤᠯᠲᠠ ᠶᠣᠰᠣᠭᠠᠷ᠂ ᠰᠤᠷᠭᠠᠭᠤᠯᠢ ᠶᠢᠨ ᠳᠣᠲᠣᠷᠠᠬᠢ ᠵᠢᠱᠢᠶ᠎ᠡ ᠦᠵᠡᠭᠦᠯᠬᠦ ᠬᠢᠴᠢᠶᠡᠯ᠂ ᠰᠤᠷᠭᠠᠭᠤᠯᠢ ᠶᠢᠨ ᠳᠣᠲᠣᠷᠠᠬᠢ ᠵᠠᠯᠠᠭᠤ ᠪᠠᠭᠰᠢ ᠶᠢᠨ ᠦᠨᠳᠦᠰᠦᠨ ᠪᠣᠯᠪᠠᠰᠤᠷᠠᠯ ᠤᠨ ᠤᠷᠤᠯᠳᠤᠭᠠᠨ ᠵᠡᠷᠭᠡ ᠠᠵᠢᠯᠯᠠᠭ᠎ᠠ ᠪᠠᠷ ᠶᠡᠭᠡ ᠪᠣᠯᠪᠠᠰᠤᠷᠠᠯ ᠥᠷᠨᠢᠭᠦᠯᠵᠦ᠂ ᠰᠤᠷᠭᠠᠭᠤᠯᠢ ᠶᠢᠨ ᠱᠠᠲᠤᠨ ᠤ ᠵᠢᠱᠢᠶ᠎ᠡ ᠦᠵᠡᠭᠦᠯᠬᠦ ᠬᠢᠴᠢᠶᠡᠯ᠂ ᠭᠤᠷᠪᠠᠨ ᠪᠢᠷ ᠤᠨ ᠤᠷᠤᠯᠳᠤᠭᠠᠨ᠂ ᠵᠢᠭᠠᠨ ᠰᠤᠷᠭᠠᠯᠲᠠ ᠶᠢᠨ ᠵᠢᠷᠤᠭ ᠲᠥᠯᠥᠪᠯᠡᠭᠡ ᠶᠢᠨ ᠤᠷᠤᠯᠳᠤᠭᠠᠨ᠂ ᠬᠢᠴᠢᠶᠡᠯ ᠤᠨ ᠵᠢᠱᠢᠶ᠎ᠡ ᠶᠢᠨ ᠦᠵᠡᠭᠦᠯᠦᠯᠭᠡ᠂ ᠬᠤᠤᠰ ᠪᠠᠭᠰᠢ ᠶᠢᠨ ᠬᠢᠴᠢᠶᠡᠯ ᠤᠨ ᠲᠠᠩᠬᠢᠮ᠂ ᠵᠢᠭᠠᠨ ᠰᠤᠳᠤᠯᠬᠤ ᠳᠤᠭᠤᠶᠢᠯᠠᠩ ᠤᠨ ᠳᠠᠷᠤᠭ᠎ᠠ ᠶᠢᠨ ᠵᠢᠱᠢᠶ᠎ᠡ ᠦᠵᠡᠭᠦᠯᠬᠦ ᠬᠢᠴᠢᠶᠡᠯ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠶᠢᠨ ᠦᠵᠡᠭᠦᠯᠭᠡ ᠶᠢᠨ ᠬᠢᠴᠢᠶᠡᠯ ᠵᠡᠷᠭᠡ ᠣᠨᠴᠠᠯᠢᠭᠲᠤ ᠠᠵᠢᠯᠯᠠᠭ᠎ᠠ ᠥᠷᠨᠢᠭᠦᠯᠵᠦ᠂ ᠨᠡᠶᠢᠲᠡ 1157 ᠪᠠᠭᠰᠢ ᠰᠤᠷᠭᠠᠭᠤᠯᠢ ᠶᠢᠨ ᠳᠣᠲᠣᠭᠠᠳᠤ ᠶᠢᠨ ᠶᠡᠭᠡ ᠪᠣᠯᠪᠠᠰᠤᠷᠠᠯ ᠤᠨ ᠠᠵᠢᠯᠯᠠᠭ᠎ᠠ ᠳᠤ ᠣᠷᠣᠯᠴᠠᠵᠤ᠂ ᠰᠤᠷᠭᠠᠭᠤᠯᠢ ᠶᠢᠨ ᠬᠤᠭᠤᠷᠣᠨᠳᠣᠬᠢ ᠵᠢᠭᠠᠨ ᠰᠤᠳᠤᠯᠬᠤ ᠠᠵᠢᠯᠯᠠᠭ᠎ᠠ ᠶᠢ 5 ᠤᠳᠠᠭ᠎ᠠ ᠵᠣᠬᠢᠶᠠᠨ ᠪᠠᠶᠢᠭᠤᠯᠵᠤ᠂ ᠬᠤᠯᠪᠣᠭᠳᠠᠯ ᠪᠦᠬᠦᠢ ᠪᠣᠯᠪᠠᠰᠤᠷᠠᠯ ᠢ 53 ᠤᠳᠠᠭ᠎ᠠ ᠵᠣᠬᠢᠶᠠᠨ ᠪᠠᠶᠢᠭᠤᠯᠵᠤ᠂ ᠭᠠᠳᠠᠷ ᠣᠷᠣᠨ ᠤ ᠲᠤᠰᠬᠠᠶ ᠮᠡᠷᠭᠡᠵᠢᠯᠲᠡᠨ ᠢ ᠤᠷᠢᠵᠤ 3 ᠤᠳᠠᠭ᠎ᠠ ᠵᠢᠭᠠᠨ ᠵᠢᠯᠣᠭᠤᠳᠬᠤ ᠪᠠ ᠵᠢᠭᠠᠨ ᠵᠢᠯᠣᠭᠤᠳᠬᠤ ᠠᠵᠢᠯ ᠢ ᠬᠠᠷᠢᠭᠤᠴᠠᠭᠤᠯᠵᠤ᠂ ᠲᠤᠭᠤᠷᠢᠭ ᠤᠨ ᠳᠣᠲᠣᠷᠠᠬᠢ ᠨᠠᠷᠠᠲᠤ ᠪᠠᠭᠰᠢ ᠶᠢ ᠰᠤᠷᠭᠠᠭᠤᠯᠢ ᠠᠯᠤᠰᠯᠠᠨ ᠪᠣᠯᠪᠠᠰᠤᠷᠠᠭᠤᠯᠤᠯ ᠤᠨ ᠲᠠᠶᠢᠯᠤᠮᠵᠢ ᠬᠢᠬᠦ ᠪᠠ ᠰᠢᠯᠭᠠᠷᠠᠭᠤᠯᠬᠤ ᠺᠣᠮᠢᠰ ᠤᠨ ᠠᠵᠢᠯ ᠢ 7 ᠬᠥᠮᠦᠨ ᠤᠳᠠᠭ᠎ᠠ ᠡᠭᠦᠷᠭᠡᠯᠡᠵᠡᠶ᠃       ᠶᠡᠭᠡ ᠰᠤᠷᠭᠠᠭᠤᠯᠢᠯᠠᠯ ᠤᠨ ᠬᠤᠭᠤᠴᠠᠭᠠᠨ ᠳᠤ᠂ ᠡᠯ᠎ᠡ ᠰᠤᠷᠭᠠᠭᠤᠯᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠪᠣᠯᠤᠮᠵᠢᠲᠤ ᠠᠵᠢᠯᠯᠠᠭ᠎ᠠ ᠶᠢᠨ ᠲᠥᠰᠦᠯ ᠢ ᠬᠢᠨᠠᠮᠠᠭᠠᠶ ᠲᠣᠭᠲᠠᠭᠠᠵᠤ᠂ ᠰᠤᠷᠭᠠᠭᠤᠯᠢ ᠶᠢᠨ ᠤᠳᠤᠷᠢᠳᠤᠯᠭ᠎ᠠ ᠪᠡᠶ᠎ᠡ ᠪᠠᠷ ᠢᠶᠠᠨ ᠰᠤᠳᠤᠯᠤᠨ ᠪᠠᠶᠢᠷᠢᠯᠠᠭᠤᠯᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠡᠷᠡᠭᠵᠢᠭᠦᠯᠬᠦ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠪᠠ︔ ᠠᠵᠢᠯᠯᠠᠭ᠎ᠠ ᠶᠢᠨ ᠵᠢᠯᠣᠭᠤᠳᠬᠤ ᠦᠵᠡᠯ ᠰᠠᠨᠠᠭ᠎ᠠ ᠬᠢᠭᠡᠳ ᠠᠵᠢᠯ ᠤᠨ ᠬᠠᠷᠠᠯᠲᠠ ᠲᠣᠳᠣᠷᠬᠠᠶ᠂ ᠠᠷᠭ᠎ᠠ ᠬᠡᠮᠵᠢᠶ᠎ᠡ ᠠᠯᠬᠤᠮ ᠳᠠᠷᠠᠭ᠎ᠠ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠪᠠᠶᠢᠵᠤ᠂ ᠠᠵᠢᠯᠯᠠᠭ᠎ᠠ ᠶᠢ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ᠂ ᠰᠤᠷᠤᠯᠭ᠎ᠠ ᠶᠢᠨ ᠱᠠᠲᠤᠨ ᠤ ᠣᠨᠴᠠᠯᠢᠭ᠂ ᠵᠠᠯᠠᠭᠤ ᠪᠠᠭᠰᠢ ᠶᠢ ᠬᠥᠮᠦᠵᠢᠭᠦᠯᠬᠦ ᠠᠵᠢᠯ ᠲᠠᠢ ᠬᠠᠷᠢᠯᠴᠠᠨ ᠤᠶᠠᠯᠳᠤᠭᠤᠯᠵᠤ᠂ ᠵᠢᠭᠠᠨ ᠰᠤᠷᠭᠠᠯᠲᠠ ᠶᠢᠨ ᠬᠠᠮᠢᠶᠠᠷᠤᠯᠲᠠ᠂ ᠵᠢᠭᠠᠨ ᠰᠤᠷᠭᠠᠯᠲᠠ ᠶᠢᠨ ᠦᠢᠯᠡ ᠠᠵᠢᠯᠯᠠᠭ᠎ᠠ ᠪᠠ ᠰᠤᠷᠤᠯᠴᠠᠬᠤ ᠠᠷᠭ᠎ᠠ ᠮᠠᠶ᠋ᠢᠭ ᠢ ᠭᠦᠨᠵᠡᠭᠡᠶ ᠬᠠᠶᠢᠨ ᠰᠦᠪᠡᠭᠴᠢᠯᠡᠪᠡ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠤᠬᠤᠢ ᠲᠣᠭᠤᠷᠢᠭ ᠤᠨ ᠵᠢᠭᠠᠨ ᠰᠤᠳᠤᠯᠬᠤ ᠲᠥᠪ ᠰᠤᠷᠭᠠᠭᠤᠯᠢ ᠶᠢᠨ ᠳᠣᠲᠣᠷᠠᠬᠢ ᠶᠡᠭᠡ ᠰᠤᠷᠭᠠᠭᠤᠯᠢᠯᠠᠯ ᠤᠨ ᠰᠠᠭᠤᠷᠢᠨ ᠳᠡᠭᠡᠷ᠎ᠡ᠂ ᠦᠷ᠎ᠡ ᠪᠦᠲᠦᠭᠡᠯ ᠢ ᠲᠣᠭᠤᠷᠢᠨ ᠦᠵᠡᠵᠦ ᠳᠡᠯᠭᠡᠨ ᠦᠵᠡᠭᠦᠯᠬᠦ ᠠᠷᠭ᠎ᠠ ᠬᠡᠯᠪᠡᠷᠢ ᠪᠠᠷ ᠪᠦᠬᠦ ᠲᠤᠭᠤᠷᠢᠭ ᠤᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠡᠭᠡ ᠰᠤᠷᠭᠠᠭᠤᠯᠢᠯᠠᠯ ᠤᠨ ᠬᠤᠶᠠᠳᠤᠭᠠᠷ ᠱᠠᠲᠤᠨ ᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号