ᠬᠠᠶᠢᠷᠤᠪ ᠤᠨ ᠲᠣᠬᠤᠢ ᠲᠣᠭᠤᠷᠢᠭ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2023/11/27
      11 ᠰᠠᠷ᠎ᠠ ᠶᠢᠨ 24᠎ ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠬᠠᠶᠢᠷᠤᠪ ᠤᠨ ᠲᠤᠬᠤᠢ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ᠂ ᠬᠠᠶᠢᠷᠤᠪ ᠤᠨ ᠲᠤᠬᠤᠢ ᠲᠣᠭᠤᠷᠢᠭ ᠤᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠲᠠᠢ ᠬᠠᠮᠲᠤᠷᠠᠨ ᠭᠠᠵᠢᠭᠤ ᠨᠣᠮᠯᠠᠯ ᠢ ᠡᠰᠡᠷᠭᠦᠴᠡᠬᠦ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠳᠣᠬᠠᠨ ᠤ ᠪᠠᠶᠢᠳᠠᠯ᠂ ᠭᠠᠵᠢᠭᠤ ᠨᠣᠮᠯᠠᠯ ᠤᠨ ᠲᠦᠷᠦᠯ ᠵᠦᠢᠯ ᠵᠢᠴᠢ ᠬᠤᠣᠷ ᠬᠥᠨᠥᠭᠡᠯ᠂ ᠡᠮᠡᠭᠲᠡᠶᠢᠴᠦᠳ ᠤᠨ ᠬᠤᠯᠪᠣᠭ᠎ᠠ ᠶᠢᠨ ᠰᠢᠰᠲ᠋ᠧᠮ ᠤᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠬᠡᠷᠬᠢᠨ ᠥᠷᠨᠢᠭᠦᠯᠬᠦ ᠶᠢᠨ ᠲᠣᠭᠤᠷᠢᠨ ᠳᠤ ᠬᠤᠯᠪᠣᠭᠳᠠᠯ ᠪᠦᠬᠦᠢ ᠪᠣᠯᠪᠠᠰᠤᠷᠠᠯ ᠬᠢᠪᠡ᠃      ᠪᠣᠯᠪᠠᠰᠤᠷᠠᠯ ᠤᠨ ᠲᠤᠬᠠᠢ ᠶᠢᠨ ᠲᠠᠯᠠᠪᠠᠢ ᠳᠤ᠂ ᠦᠬᠠᠢ ᠬᠤᠳᠠ ᠶᠢᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ︽ᠵᠢᠷᠤᠭ ᠪᠢᠴᠢᠭ᠂ ᠦᠨᠡᠨ ᠪᠣᠳᠠᠲᠠᠢ ᠬᠡᠷᠡᠭ ᠤᠨ ᠵᠢᠱᠢᠶ᠎ᠡ︾᠎ ᠶᠢᠨ ᠠᠷᠭ᠎ᠠ ᠬᠡᠯᠪᠡᠷᠢ ᠪᠠᠷ ︽ᠶᠠᠭᠤ ᠶᠢ ᠭᠠᠵᠢᠭᠤ ᠨᠣᠮᠯᠠᠯ᠂ ᠭᠠᠵᠢᠭᠤ ᠨᠣᠮᠯᠠᠯ ᠤᠨ ᠲᠦᠷᠦᠯ ᠵᠦᠢᠯ᠂ ᠭᠠᠵᠢᠭᠤ ᠨᠣᠮᠯᠠᠯ ᠤᠨ ᠬᠤᠣᠷ ᠬᠥᠨᠥᠭᠡᠯ᠂ ᠵᠠᠷᠢᠮ ᠬᠥᠮᠦᠨ ᠲᠠᠨ ᠳᠤ ᠭᠠᠵᠢᠭᠤ ᠨᠣᠮᠯᠠᠯ ᠢ ᠤᠬᠠᠭᠤᠯᠬᠤ ᠦᠶ᠎ᠡ ᠳᠤ ᠴᠢ ᠶᠠᠭᠠᠬᠢᠪᠠᠯ ᠵᠣᠬᠢᠬᠤ ᠪᠤᠢ︖ ᠵᠡᠷᠭᠡ ᠠᠰᠠᠭᠤᠳᠠᠯ ᠳᠤ ᠠᠮᠢᠳᠤᠯᠢᠭ ᠪᠥᠭᠡᠳ ᠣᠶᠢᠯᠠᠭᠠᠮᠵᠢᠲᠠᠶ ᠲᠠᠶᠢᠯᠪᠤᠷᠢᠯᠠᠯᠲᠠ ᠬᠢᠵᠡᠶ᠃ ᠱᠠᠰᠢᠨ ᠰᠤᠷᠲᠠᠬᠤᠨ ᠪᠠ ᠭᠠᠵᠢᠭᠤ ᠨᠣᠮᠯᠠᠯ ᠤᠨ ᠮᠥᠨ ᠴᠢᠨᠠᠷ ᠤᠨ ᠢᠯᠭᠠᠭ᠎ᠠ ᠶᠢ ᠨᠠᠷᠢᠨ ᠲᠣᠳᠣᠷᠬᠠᠶ ᠲᠣᠳᠣᠷᠬᠠᠶᠢᠯᠠᠨ ᠥᠭᠦᠯᠡᠵᠦ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠲᠡᠷᠰᠯᠡᠭᠦᠦ ᠶᠢᠨ ᠮᠥᠨ ᠴᠢᠨᠠᠷ᠂ ᠵᠣᠬᠢᠶᠠᠨ ᠪᠠᠶᠢᠭᠤᠯᠤᠯᠲᠠ ᠶᠢᠨ ᠣᠨᠴᠠᠯᠢᠭ ᠰᠢᠨᠵᠢ᠂ ᠢᠯᠭᠠᠨ ᠲᠠᠨᠢᠬᠤ ᠠᠷᠭ᠎ᠠ ᠬᠡᠮᠵᠢᠶ᠎ᠡ᠂ ᠰᠡᠷᠭᠡᠶᠢᠯᠡᠬᠦ ᠠᠷᠭ᠎ᠠ ᠪᠣᠳᠣᠯᠭ᠎ᠠ ᠵᠡᠷᠭᠡ ᠶᠢ ᠭᠤᠤᠯᠳᠠᠯᠭ᠎ᠠ ᠲᠠᠢ ᠵᠠᠳᠠᠯᠵᠤ᠂ ᠭᠠᠵᠢᠭᠤ ᠨᠣᠮᠯᠠᠯ ᠤᠨ ᠵᠣᠬᠢᠶᠠᠨ ᠪᠠᠶᠢᠭᠤᠯᠤᠯᠲᠠ ᠶᠢᠨ ᠤᠯᠤᠰ᠂ ᠨᠡᠶᠢᠭᠡᠮ ᠵᠢᠴᠢ ᠭᠡᠷ ᠪᠦᠯᠢ ᠳᠠᠬᠢ ᠬᠤᠤᠷ ᠬᠥᠨᠥᠭᠡᠯ ᠢ ᠭᠦᠨᠵᠡᠭᠡᠶ ᠢᠯᠡᠷᠡᠭᠦᠯᠪᠡ᠃ ᠥᠷᠭᠡᠨ ᠣᠯᠠᠨ ᠲᠦᠮᠡᠨ ᠢ ᠳᠠᠶᠢᠴᠢᠯᠠᠨ ᠭᠠᠵᠢᠭᠤ ᠨᠣᠮᠯᠠᠯ ᠢ ᠡᠰᠡᠷᠭᠦᠴᠡᠬᠦ ᠠᠵᠢᠯᠯᠠᠭ᠎ᠠ ᠳᠤ ᠬᠠᠮᠲᠤᠪᠠᠷ ᠣᠷᠣᠯᠴᠠᠭᠤᠯᠵᠤ᠂ ᠥᠷᠭᠡᠨ ᠣᠯᠠᠨ ᠲᠦᠮᠡᠨ ᠤ ᠭᠠᠵᠢᠭᠤ ᠨᠣᠮᠯᠠᠯ ᠢ ᠢᠯᠭᠠᠨ ᠲᠠᠨᠢᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠶ᠃       ᠲᠣᠰ ᠤᠳᠠᠭᠠᠨ ᠤ ᠪᠣᠯᠪᠠᠰᠤᠷᠠᠭᠤᠯᠤᠯ ᠤᠨ ᠭᠤᠤᠯ ᠰᠡᠳᠦᠪ ᠨᠢ ᠲᠣᠪᠤᠶᠢᠮ᠎ᠠ᠂ ᠠᠭᠤᠯᠭ᠎ᠠ ᠨᠢ ᠲᠡᠭᠦᠯᠳᠡᠷ ᠪᠠᠶᠢᠵᠤ᠂ ᠣᠯᠠᠨ ᠳᠤ ᠭᠠᠵᠢᠭᠤ ᠨᠣᠮᠯᠠᠯ ᠤᠨ ᠮᠥᠨ ᠴᠢᠨᠠᠷ ᠪᠠ ᠬᠤᠤᠷ ᠬᠥᠨᠥᠭᠡᠯ ᠢ ᠨᠠᠩ ᠭᠦᠨᠵᠡᠭᠡᠶ ᠣᠶᠢᠯᠠᠭᠠᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠰᠡᠷᠭᠡᠭ ᠢᠶᠠᠷ ᠲᠠᠨᠢᠵᠤ ᠤᠯᠪᠠ᠃ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠬᠤᠶᠢᠰᠢᠳᠠ ᠶᠢᠨ ᠠᠮᠢᠳᠤᠷᠠᠯ ᠪᠠ ᠠᠵᠢᠯ ᠤᠨ ᠳᠤᠮᠳᠠ᠂ ᠰᠢᠨᠵᠢᠯᠡᠬᠦ ᠤᠬᠠᠭᠠᠨᠴᠢ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠭᠠᠵᠢᠭᠤ ᠨᠣᠮᠯᠠᠯ ᠢ ᠡᠰᠡᠷᠭᠦᠴᠡᠬᠦ ᠰᠠᠶᠢᠨ ᠳᠤᠷ᠎ᠠ ᠶᠢᠨ ᠠᠵᠢᠯᠯᠠᠭᠴᠢ ᠪᠠ ᠤᠬᠠᠭᠤᠯᠤᠭᠴᠢ ᠪᠣᠯᠵᠤ᠂ ᠭᠠᠵᠢᠭᠤ ᠨᠣᠮᠯᠠᠯ ᠢ ᠤᠬᠠᠮᠰᠠᠷ ᠠᠴᠠ ᠪᠠᠨ ᠰᠡᠷᠭᠡᠶᠢᠯᠡᠨ ᠬᠤᠷᠢᠭᠯᠠᠨ᠎ᠠ᠃      ᠬᠠᠶᠢᠷᠤᠪ ᠤᠨ ᠲᠤᠬᠤᠢ ᠲᠣᠭᠤᠷᠢᠭ ᠦᠨᠳᠦᠰᠦᠲᠡᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠵᠤ᠂ ᠭᠠᠵᠢᠭᠤ ᠨᠣᠮᠯᠠᠯ ᠢ ᠡᠰᠡᠷᠭᠦᠴᠡᠬᠦ ᠲᠠᠭᠤᠨ ᠢ ᠢᠳᠡᠪᠬᠢᠲᠡᠢ ᠤᠯᠠᠮᠵᠢᠯᠠᠵᠤ᠂ ᠤᠯᠠᠨ ᠲᠦᠮᠡᠨ ᠳᠤ ᠰᠢᠨᠵᠢᠯᠡᠬᠦ ᠤᠬᠠᠭᠠᠨ ᠤ ᠮᠡᠳᠡᠯᠭᠡ ᠶᠢ ᠤᠬᠠᠭᠤᠯᠵᠤ᠂ ᠤᠯᠠᠨ ᠲᠦᠮᠡᠨ ᠢ ᠭᠠᠵᠢᠭᠤ ᠨᠣᠮᠯᠠᠯ ᠠᠴᠠ ᠬᠤᠯᠠᠳᠠᠭᠤᠯᠵᠤ᠂ ᠭᠠᠵᠢᠭᠤ ᠨᠣᠮᠯᠠᠯ ᠢ ᠤᠬᠠᠮᠰᠠᠷ ᠠᠴᠠ ᠪᠠᠨ ᠡᠰᠡᠷᠭᠦᠴᠡᠬᠦ ᠶᠢ ᠬᠥᠮᠦᠵᠢᠭᠦᠯᠦᠨ᠎ᠡ᠃ ᠬᠤᠶᠢᠰᠢᠳᠠ ᠶᠢᠨ ᠠᠵᠢᠯ ᠤᠨ ᠳᠤᠮᠳᠠ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ᠃   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号