ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠵᠢᠷᠭᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/27
      11 ᠰᠠᠷ᠎ᠠ ᠶᠢᠨ 22᠎ ᠤᠨ ᠡᠳᠦᠷ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠵᠢᠷᠭᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠷᠤᠭᠰᠢᠲᠠᠢ ᠬᠤᠷᠠᠯᠳᠤᠪᠠ᠃      ᠦᠬᠠᠢ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠤᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ᠂ ᠬᠤᠳᠠ ᠶᠢᠨ ᠡᠪᠯᠡᠯ ᠤᠨ ᠬᠤᠷᠢᠶᠠᠨ ᠤ ᠱᠦᠵᠢ ᠵᠢᠶᠠᠩ ᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠼᠤᠤ ᠬᠤᠢ ᠰᠢᠶᠠᠨ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠭᠤᠤ ᠳ᠋ᠧᠩ ᠴᠧᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠭᠦᠸᠧ ᠱᠢ ᠯᠦᠩ ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠳ᠋ᠦᠸᠧ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠪᠠ᠃]      ᠬᠤᠷᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ᠂ ᠡᠪᠯᠡᠯ ᠤᠨ ᠳᠠᠭᠤᠤ ᠵᠢᠴᠢ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠦᠭᠡ ᠬᠡᠯᠡᠬᠦ ᠳᠤᠮᠳᠠ ᠬᠥᠰᠢᠭᠡ ᠪᠠᠨ ᠰᠡᠬᠦᠪᠡ᠃ ᠬᠤᠷᠠᠯ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠪᠠ︔ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ ᠢ ᠰᠣᠩᠭᠤᠨ ᠭᠠᠷᠭᠠᠵᠠᠢ︔ ᠡᠪ ᠬᠠᠮᠲᠤ ᠵᠠᠯᠠᠭᠤᠴᠤᠳ ᠤᠨ ᠡᠪᠯᠡᠯ ᠤᠨ ᠬᠠᠶᠢᠷᠤᠪ ᠤᠨ ᠲᠤᠬᠤᠢ ᠲᠣᠭᠤᠷᠢᠭ ᠤᠨ ᠲᠠᠪᠤᠳᠤᠭᠠᠷ ᠬᠤᠭᠤᠴᠠᠭᠠᠨ ᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ᠃      ᠲᠤᠭᠤᠷᠢᠭ ᠤᠨ ᠲᠠᠪᠤᠳᠤᠭᠠᠷ ᠤᠳᠠᠭ᠎ᠠ ᠶᠢᠨ ᠡᠪᠯᠡᠯ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢ᠂ ᠬᠠᠶᠢᠷᠤᠪ ᠤᠨ ᠲᠤᠬᠤᠢ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ ᠶᠢ ᠪᠠᠲᠤ ᠴᠡᠭᠡᠵᠢᠯᠡᠵᠦ᠂ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ ᠂ ᠢᠲᠡᠭᠡᠯ ᠪᠢᠰᠢᠷᠡᠯ ᠤᠨ ᠥᠨᠳᠦᠷᠯᠢᠭ ᠢ ᠪᠠᠲᠤ ᠴᠣᠭᠴᠠᠯᠠᠵᠤ ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠨᠡᠩ ᠪᠠᠲᠤᠳᠬᠠᠵᠤ᠂ ᠵᠠᠯᠠᠭᠤ ᠨᠠᠰᠤᠨ ᠤ ᠬᠦᠭ ᠠᠶᠠᠰ ᠨᠡᠩ ᠣᠮᠤᠭ ᠲᠡᠭᠦᠯᠳᠡᠷ ᠪᠣᠯᠪᠠ᠃ ᠲᠠᠪᠤᠨ ᠵᠢᠯ ᠤᠨ ᠲᠤᠷᠰᠢ᠂ ᠬᠠᠶᠢᠷᠤᠪ ᠤᠨ ᠲᠤᠬᠤᠢ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭ᠎ᠠ ᠠᠳᠬᠤᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠵᠢᠱᠢᠶ᠎ᠡ ᠦᠵᠡᠭᠦᠯᠬᠦ ᠶᠢ ᠪᠤᠢ ᠪᠣᠯᠭᠠᠵᠤ᠂ ᠵᠠᠯᠠᠭᠤᠴᠤᠳ ᠪᠠᠭᠠᠴᠤᠳ ᠤᠨ ᠥᠨᠢ ᠡᠭᠦᠷᠢᠳᠡ ᠨᠠᠮ ᠢᠶᠠᠨ ᠳᠠᠭᠠᠬᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠨᠠᠮ ᠤᠨ ᠤᠨᠤᠯ ᠤᠨ ᠵᠠᠯᠠᠭᠤᠴᠤᠳ ᠢᠶᠠᠷ ᠲᠠᠶᠢᠯᠪᠤᠷᠢᠯᠠᠭᠤᠯᠬᠤ ᠶᠢᠨ ᠬᠠᠨᠳᠤᠯᠭᠠᠲᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠢ ᠦᠢᠯᠡᠳᠦᠯᠭᠡ ᠶᠢᠨ ᠳᠤᠮᠳᠠ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠪᠡ᠃ ᠵᠠᠯᠠᠭᠤᠴᠤᠳ ᠲᠤ ᠦᠢᠯᠡᠴᠢᠯᠡᠬᠦ ᠬᠡᠷᠡᠭᠴᠡᠭᠡ ᠶᠢ ᠪᠠᠷᠢᠮᠲᠠᠯᠠᠵᠤ᠂ ᠵᠠᠯᠠᠭᠤ ᠨᠠᠰᠤᠨ ᠤ ᠦᠰᠦᠨ ᠪᠤᠶᠢᠵᠢᠵᠤ ᠴᠢᠳᠠᠬᠤ᠂ ᠶᠡᠭᠡ ᠲᠠᠯ᠎ᠠ ᠶᠢᠨ ᠲᠣᠭᠤᠷᠢᠨ ᠳᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠡᠪᠯᠡᠯ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠠᠮᠢᠵᠢᠷᠠᠯ ᠤᠨ ᠬᠦᠴᠦᠨ ᠤ ᠡᠬᠢ ᠰᠤᠷᠪᠤᠯᠵᠢ ᠶᠢ ᠨᠡᠩ ᠥᠷᠭᠡᠨ ᠳᠡᠯᠭᠡᠷ᠂ ᠠᠵᠢᠯᠯᠠᠬᠤ ᠲᠠᠪᠴᠠᠩ ᠢ ᠨᠡᠩ ᠥᠷᠭᠡᠨ ᠠᠭᠤᠳᠠᠮ᠂ ᠦᠨᠳᠦᠰᠦᠨ ᠱᠠᠲᠤᠨ ᠤ ᠰᠠᠭᠤᠷᠢ ᠶᠢ ᠨᠡᠩ ᠪᠠᠲᠤ ᠪᠠᠬᠢ ᠪᠣᠯᠭᠠᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠦᠷᠢ ᠲᠥᠷᠬᠦ ᠶᠢ ᠨᠡᠩ ᠢᠯᠡ ᠲᠣᠳᠣ ᠪᠣᠯᠭᠠᠨ᠎ᠠ᠃ ᠥᠷᠭᠡᠨ ᠤᠯᠠᠨ ᠵᠠᠯᠠᠭᠤᠴᠤᠳ ᠲᠤ ᠨᠠᠮ ᠤᠨ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠵᠦ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠳᠠᠶᠢᠴᠢᠯᠠᠨ ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠷᠤᠪ ᠤᠨ ᠲᠤᠬᠤᠢ ᠲᠣᠭᠤᠷᠢᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠵᠦ᠂ ᠪᠦᠯᠬᠦᠮᠳᠡᠨ ᠲᠡᠮᠡᠴᠡᠶ᠎ᠡ ᠃      ᠰᠦᠨ ᠬᠤᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯ ᠨᠠᠮ ᠤᠨ ᠬᠠᠪᠰᠤᠷᠤᠭᠴᠢ ᠪᠠ ᠪᠡᠯᠡᠳᠬᠡᠯ ᠴᠡᠷᠢᠭ ᠮᠥᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯ ᠢᠮᠠᠭᠲᠠ ᠡᠪ ᠬᠠᠮᠲᠤ ᠵᠠᠯᠠᠭᠤᠴᠤᠳ ᠤᠨ ᠡᠪᠯᠡᠯ ᠤᠨ ᠪᠠᠲᠤ ᠰᠠᠬᠢᠬᠤ ᠤᠯᠤᠰ ᠲᠦᠷᠦ ᠶᠢᠨ ᠠᠮᠢ ᠨᠠᠰᠤ ᠮᠥᠨ᠃ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠡᠷᠦᠩᠬᠡᠢ ᠱᠦᠵᠢ ᠰᠢ ᠶᠢᠨ ᠫᠢᠩ ᠤᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠪᠣᠯᠤᠨ ᠵᠠᠰᠠᠭ ᠤᠨ ᠣᠷᠳᠣᠨ ᠤ ᠵᠠᠯᠠᠭᠤᠴᠤᠳ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠣᠯᠤᠨ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠵᠦ᠂ ᠨᠠᠮ ᠤᠨ ᠦᠢᠯᠡᠰ ᠤᠨ ᠲᠥᠯᠥᠭᠡ ᠵᠠᠯᠠᠭᠤᠴᠤᠳ ᠢ ᠬᠠᠮᠤᠭ ᠤᠨ ᠥᠷᠭᠡᠨ ᠢᠶᠠᠷ ᠪᠦᠯᠬᠦᠮᠳᠡᠭᠦᠯᠦᠨ ᠨᠢᠭᠲᠠᠷᠠᠭᠤᠯᠵᠤ᠂ ᠨᠠᠮ ᠤᠨ ᠲᠥᠯᠥᠭᠡ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠪᠣᠯᠤᠨ ᠤᠯᠤᠰ ᠤᠨ ᠠᠵᠢᠯ ᠦᠢᠯᠡᠰ ᠤᠨ ᠦᠶ᠎ᠡ ᠤᠯᠠᠮᠵᠢᠯᠠᠯ᠂ ᠵᠠᠯᠭᠠᠮᠵᠢᠯᠠᠭᠴᠢ ᠲᠠᠢ ᠪᠠᠶᠢᠬᠤ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠰᠢᠨ᠎ᠡ ᠪᠠᠶᠢᠳᠠᠯ ᠳᠣᠣᠷᠠᠬᠢ ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠤᠨ ᠵᠠᠯᠠᠭᠤᠴᠤᠳ ᠤᠨ ᠠᠵᠢᠯ ᠤᠨ ᠲᠤᠬᠠᠢ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠲᠦᠷᠢᠮ ᠲᠣᠭᠲᠠᠴᠠ ᠶᠢ ᠨᠠᠶᠢᠳᠠᠪᠤᠷᠢᠵᠢᠭᠤᠯᠵᠤ᠂ ᠡᠪᠯᠡᠯ ᠤᠨ ᠺᠠᠳ᠋ᠷ ᠢ ᠬᠥᠮᠦᠵᠢᠭᠦᠯᠬᠦ ᠶᠢ ᠴᠢᠩᠭᠠᠳᠬᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠵᠦ᠂ ᠵᠠᠯᠠᠭᠤᠴᠤᠳ ᠤᠨ ᠦᠰᠦᠨ ᠪᠤᠶᠢᠵᠢᠵᠤ ᠴᠢᠳᠠᠪᠤᠷᠢᠲᠠᠨ ᠪᠣᠯᠬᠤ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠪᠡ ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号