ᠰᠦᠨ ᠬᠤᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2023/11/27
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠲᠤᠭᠤᠷᠢᠭ ᠤᠨ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠲᠠᠢ ᠤᠶᠠᠯᠳᠤᠭᠤᠯᠤᠨ᠂11 ᠰᠠᠷ᠎ᠠ ᠶᠢᠨ 26᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠬᠤᠤ ᠰᠢᠩ ᠹᠦ᠋ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠪᠣᠯᠤᠨ ᠣᠯᠠᠨ ᠲᠦᠮᠡᠨ ᠳᠤ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ᠃      ᠰᠦᠨ ᠬᠤᠤ ︽ᠦᠬᠠᠢ︾᠎ ᠶᠢᠨ ᠨᠡᠷᠡᠶᠢᠳᠦᠯ ᠤᠨ ᠢᠷᠡᠯᠲᠡ᠂ ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠵᠤ ᠢᠷᠡᠭᠰᠡᠨ ᠵᠡᠷᠭᠡ ᠲᠡᠦᠬᠡ ᠶᠢᠨ ᠪᠣᠳᠠᠲᠤ ᠶᠠᠪᠤᠳᠠᠯ ᠪᠣᠯᠤᠨ ᠠᠮᠢᠳᠤᠯᠢᠭ ᠬᠡᠷᠡᠭ ᠤᠨ ᠵᠢᠱᠢᠶ᠎ᠠ ᠪᠠᠷ ᠳᠠᠮᠵᠢᠭᠤᠯᠤᠨ᠂ ︽ᠲᠠᠪᠤᠨ ᠪᠣᠳᠠᠲᠤ ᠶᠠᠪᠤᠳᠠᠯ ᠤᠨ ᠶᠣᠰᠣ ᠤᠴᠢᠷ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ︔ ᠣᠯᠠᠨ ᠲᠦᠮᠡᠨ ᠲᠠᠢ ︽ᠵᠣᠯ ᠵᠢᠷᠭᠠᠯ ᠤᠨ ᠳᠠᠩᠰᠠ︾᠎ ᠶᠢ ᠲᠣᠳᠣᠷᠬᠠᠶ ᠪᠣᠳᠤᠭᠤᠯᠬᠤ ᠪᠠᠷ ᠳᠠᠮᠵᠢᠭᠤᠯᠤᠨ ᠣᠯᠠᠨ ᠲᠦᠮᠡᠨ ᠤ ᠨᠠᠮ ᠤᠨ ᠠᠴᠢ ᠶᠢ ᠤᠷᠢᠳᠠᠪᠠᠷ ᠮᠡᠳᠡᠵᠦ᠂ ᠡᠭᠦᠨ ᠤ ᠤᠯᠠᠮ ᠢᠶᠠᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠷᠡᠰ ᠭᠤᠶᠢᠪᠢᠰᠢ ᠦᠭᠡᠢ ᠪᠠᠷ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾᠎ ᠶᠢ ᠪᠡᠶᠡᠯᠡᠭᠦᠯᠪᠡ᠃      ᠰᠦᠨ ᠬᠤᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠥᠷᠭᠡᠨ ᠳᠡᠯᠭᠡᠷ ᠭᠦᠨ ᠭᠦᠨᠵᠡᠭᠡᠢ ᠪᠠᠶᠢᠵᠤ᠂ ᠨᠠᠮ ᠪᠣᠯᠤᠨ ᠠᠷᠠᠳ ᠲᠦᠮᠡᠨ ᠤ ᠦᠢᠯᠡᠳᠦᠯᠭᠡ ᠶᠢᠨ ᠲᠤᠷᠰᠢᠯᠭ᠎ᠠ ᠪᠣᠯᠤᠨ ᠬᠠᠮᠲᠤ ᠶᠢᠨ ᠤᠶᠤᠨ ᠤᠬᠠᠭᠠᠨ ᠤ ᠦᠷ᠎ᠡ ᠪᠦᠲᠦᠭᠡᠯ ᠮᠥᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠤᠯᠠᠨ ᠳᠤ ᠪᠣᠳᠠᠲᠠᠢ ᠶᠠᠪᠤᠳᠠᠯ ᠬᠢᠵᠦ᠂ ᠠᠰᠠᠭᠤᠳᠠᠯ ᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠬᠠᠨᠳᠤᠵᠤ᠂ ᠠᠷᠠᠳ ᠤᠯᠠᠨ ᠢ ᠪᠦᠯᠬᠦᠮᠳᠡᠭᠦᠯᠦᠨ ᠳᠠᠭᠠᠭᠤᠯᠵᠤ ᠨᠠᠮ ᠤᠨ ᠤᠳᠤᠷᠢᠳᠤᠯᠭ᠎ᠠ ᠳᠣᠣᠷ᠎ᠠ ᠲᠠᠰᠤᠷᠠᠯᠲᠠ ᠦᠭᠡᠢ ᠲᠡᠮᠡᠴᠡᠬᠦ ᠬᠡᠷᠡᠭᠲᠡᠢ︔ ᠥᠷᠭᠡᠨ ᠤᠯᠠᠨ ᠲᠦᠮᠡᠨ ᠨᠠᠮ ᠤᠨ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠦᠨᠡᠨᠴᠢ ᠢᠲᠡᠭᠡᠮᠵᠢᠲᠡᠢ ᠨᠥᠬᠦᠷᠰᠡᠭ᠂ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠨᠢᠭᠡᠳᠴᠦ᠂ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠬᠠᠮᠲᠤ ᠶᠢᠨ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠡᠨᠡ ᠬᠦ ᠲᠤᠰᠬᠠᠶ ᠰᠡᠳᠦᠪᠲᠦ ᠨᠠᠮ ᠤᠨ ᠬᠢᠴᠢᠶᠡᠯ ᠢᠶᠠᠷ ᠠᠵᠠ ᠲᠣᠬᠢᠶᠠᠯ ᠪᠣᠯᠭᠠᠵᠤ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠠᠷᠭ᠎ᠠ ᠪᠠᠨ ᠰᠠᠶᠢᠵᠢᠷᠠᠭᠤᠯᠬᠤ᠂ ᠠᠷᠠᠳ ᠲᠦᠮᠡᠨ  ᠎ ᠳᠤ ᠤᠶᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠠᠩ ᠨᠠᠶᠢᠳᠠᠪᠤᠷᠢᠲᠠᠶ ᠠᠷᠭ᠎ᠠ ᠶᠢ ᠣᠯᠵᠤ᠂ ᠠᠰᠠᠭᠤᠳᠠᠯ ᠢ ᠦᠨᠳᠦᠰᠦᠨ ᠱᠠᠲᠤᠨ ᠳᠤ  ᠰᠢᠢᠤᠡᠪᠤᠷᠢᠯᠡᠵᠤ᠂ ᠦᠷ᠎ᠡ ᠪᠦᠲᠦᠮᠵᠢ ᠶᠢ ᠣᠯᠠᠨ ᠲᠦᠮᠡᠨ ᠤ ᠪᠡᠶ᠎ᠡ ᠳᠡᠭᠡᠷ᠎ᠡ ᠢᠯᠡᠷᠡᠭᠦᠯᠵᠦ᠂ ᠬᠠᠷᠢᠶ᠎ᠠ ᠣᠷᠣᠨ ᠤ ᠡᠯ᠎ᠡ  ᠵᠤᠶᠢᠯ ᠤᠨ ᠭᠤᠤᠯᠳᠠᠯᠭ᠎ᠠ ᠲᠠᠢ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠶᠢᠷᠤᠪ ᠤᠨ ᠲᠣᠬᠤᠶ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠠᠢ᠃     ᠨᠠᠮ ᠤᠨ ᠬᠢᠴᠢᠶᠡᠯ ᠤᠨ ᠳᠠᠷᠠᠭ᠎ᠠ᠂ ᠰᠦᠨ ᠬᠤᠤ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠠᠵᠢᠯ ᠤᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠨᠡᠶᠢᠭᠡᠮ ᠲᠣᠭᠤᠷᠢᠭ ᠤᠨ ᠠᠬᠠᠮᠠᠳ ᠨᠠᠮ ᠤᠨ ᠭᠡᠰᠢᠭᠦᠨ᠂ ᠴᠥᠭᠡᠨ ᠲᠣᠭᠠᠲᠤ ᠦᠨᠳᠦᠰᠦᠲᠡᠨ ᠤ ᠤᠯᠠᠨ ᠲᠦᠮᠡᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢᠬᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠬᠤ ᠶᠢᠨ ᠬᠠᠮᠲᠤ ᠰᠠᠭᠤᠭᠠᠯᠢ ᠠᠷᠠᠳ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠵᠠᠷᠢᠮ ᠪᠣᠳᠠᠲᠠᠢ ᠠᠰᠠᠭᠤᠳᠠᠯ ᠤᠨ ᠲᠤᠬᠠᠢ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号