ᠬᠠᠶᠢᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/27
      ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠠᠵᠢᠯ ᠤᠨ ᠥᠷᠨᠢᠯᠲᠡ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠴᠢᠨᠠᠷ ᠰᠠᠶᠢᠲᠠᠶ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠷ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠶᠢᠨ ᠲᠦᠯᠤᠭᠡ᠂ 11 ᠰᠠᠷ᠎ᠠ ᠶᠢᠨ 23᠎ ᠤ ᠡᠳᠦᠷ᠂ ᠬᠠᠶᠢᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭᠠᠨ ᠤ ᠬᠤᠷᠠᠯ ᠬᠤᠷᠠᠯᠳᠤᠭᠤᠯᠪᠠ᠃ ᠬᠠᠶᠢᠪᠸᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠭᠤᠤ ᠸᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠨᠡᠶᠢᠭᠡᠮ ᠲᠣᠭᠤᠷᠢᠭ ᠤᠨ ᠱᠦᠵᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠤᠳᠤᠷᠢᠳᠬᠤ ᠪᠠᠭ ᠤᠨ ᠪᠦᠷᠢᠯᠳᠦᠬᠦᠨ ᠨᠡᠷ ᠲᠣᠰ ᠲᠣᠰ ᠤᠨ ᠲᠣᠭᠲᠠᠭᠠᠭᠰᠠᠨ ᠪᠠᠶᠢᠴᠠᠭᠠᠨ ᠰᠤᠳᠤᠯᠤᠯᠲᠠ ᠶᠢᠨ ᠰᠡᠳᠦᠪ ᠤᠨ ᠲᠣᠭᠤᠷᠢᠨ ᠳᠤ ᠣᠶᠢᠷ᠎ᠠ ᠶᠢᠨ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠰᠣᠯᠢᠯᠴᠠᠭ᠎ᠠ ᠶᠢ ᠥᠷᠨᠢᠭᠦᠯᠵᠦ᠂ ᠬᠤᠶᠢᠰᠢᠳᠠ ᠶᠢᠨ ᠬᠠᠮᠢᠶ᠎ᠠ ᠪᠥᠬᠦᠶ ᠠᠵᠢᠯ ᠢ ᠨᠠᠩ ᠰᠠᠶᠢᠲᠤᠷ ᠥᠷᠨᠢᠭᠦᠯᠬᠦ ᠳᠤ ᠰᠠᠭᠤᠷᠢ ᠲᠠᠯᠪᠢᠵᠤ᠂ ᠰᠠᠶᠢᠨ ᠰᠠᠶᠢᠬᠠᠨ ᠬᠠᠮᠲᠤ ᠶᠢᠨ ᠲᠠᠨᠢᠯᠲᠠ ᠪᠠ ᠠᠵᠢᠯ ᠤᠨ ᠬᠠᠷᠠᠯᠲᠠ ᠶᠢ ᠪᠣᠶ ᠪᠣᠯᠭᠠᠪᠠ ᠃      ᠵᠠᠩ ᠭᠤᠤ ᠸᠠᠩ ᠨᠥᠬᠦᠷ ᠵᠡᠭᠡᠯᠢ ᠭᠤᠳᠤᠮᠵᠢ ᠶᠢᠨ ᠤᠳᠤᠷᠢᠳᠬᠤ ᠪᠠᠭ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ᠂ ᠪᠠᠶᠢᠴᠠᠭᠠᠨ ᠰᠤᠳᠤᠯᠤᠯᠲᠠ ᠬᠢᠵᠦ ᠰᠣᠯᠢᠯᠴᠠᠬᠤ ᠶᠠᠰᠤ ᠴᠢᠨᠠᠷ ᠢ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠱᠠᠭᠠᠷᠳᠠᠯᠭ᠎ᠠ ᠳᠤᠷᠠᠳᠴᠠᠢ᠃ ᠲᠡᠷᠡ ᠴᠢᠬᠤᠯᠠᠴᠢᠯᠠᠭᠰᠠᠨ ᠨᠢ᠂ ᠪᠠᠶᠢᠴᠠᠭᠠᠨ ᠰᠤᠳᠤᠯᠤᠯᠲᠠ ᠪᠣᠯ ᠮᠠᠨ ᠤ ᠨᠠᠮ ᠤᠨ ᠤᠯᠠᠮᠵᠢᠯᠠᠭᠴᠢ ᠡᠷᠳᠡᠨᠢ ᠮᠥᠨ᠂ ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠤᠨ ᠨᠢᠭᠡᠨ ᠴᠢᠬᠤᠯᠠ ᠠᠭᠤᠯᠭ᠎ᠠ ᠮᠥᠨ᠃ ᠪᠠᠶᠢᠴᠠᠭᠠᠨ ᠰᠤᠳᠤᠯᠤᠯᠲᠠ ᠬᠢᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠭᠤᠤᠯ ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠬᠦ ᠶᠢ ᠠᠬᠢᠭᠤᠯᠬᠤ ᠶᠢᠨ ᠲᠥᠯᠥᠭᠡ᠂ ᠨᠢᠭᠡ ᠳᠤ᠂ ᠭᠤᠤᠯᠳᠠᠯᠭ᠎ᠠ ᠲᠠᠢ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠶᠢ ᠨᠠᠷᠢᠯᠢᠭᠵᠢᠭᠤᠯᠤᠨ ᠲᠣᠳᠣᠷᠬᠠᠶᠢᠯᠠᠵᠤ᠂ ᠭᠤᠤᠯᠳᠠᠯᠭ᠎ᠠ ᠲᠠᠢ ᠰᠡᠳᠦᠪ ᠢ ᠣᠨᠣᠪᠴᠢᠲᠠᠶ ᠰᠣᠩᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠠᠰᠠᠭᠤᠳᠠᠯ ᠢ ᠲᠣᠳᠣᠷᠬᠠᠶ ᠣᠶᠢᠯᠠᠭᠠᠵᠤ᠂ ᠬᠡᠮ ᠰᠣᠭᠤᠭ ᠤᠨ ᠠᠰᠠᠭᠤᠳᠠᠯ ᠢ ᠰᠢᠭᠤᠳ ᠰᠢᠢᠳᠪᠦᠷᠢᠯᠡᠵᠦ᠂ ᠪᠠᠶᠢᠴᠠᠭᠠᠨ ᠰᠤᠳᠤᠯᠤᠯᠲᠠ ᠬᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠶ᠃ ᠬᠤᠶᠠᠷ ᠲᠤ᠂ ᠰᠤᠷᠤᠯᠴᠠᠬᠤ ᠤᠳᠤᠷᠢᠳᠤᠮᠵᠢ ᠶᠢ ᠪᠠᠷᠢᠮᠲᠠᠯᠠᠵᠤ᠂ ᠰᠡᠳᠬᠢᠴᠡ ᠠᠷᠭ᠎ᠠ ᠬᠡᠮᠵᠢᠶ᠎ᠡ ᠳᠤ ᠭᠦᠨᠵᠡᠭᠡᠢ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠭᠯᠡᠯ ᠢ ᠲᠣᠳᠣᠷᠬᠠᠢ ᠪᠣᠯᠭᠠᠨ ᠰᠡᠳᠦᠪ ᠢ ᠣᠨᠣᠪᠴᠢᠲᠠᠢ ᠰᠣᠩᠭᠤᠬᠤ ᠬᠡᠷᠡᠭᠲᠡᠢ︔ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠭᠤᠤᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠯᠴᠠᠬᠤ ᠪᠠ ᠠᠵᠢᠯᠯᠠᠬᠤ ᠶᠢ ᠤᠶᠠᠯᠳᠤᠭᠤᠯᠬᠤ᠂ ᠪᠠᠶᠢᠴᠠᠭᠠᠨ ᠥᠭᠡᠷᠡᠴᠢᠯᠡᠬᠦ ᠶᠢ ᠤᠶᠠᠯᠳᠤᠭᠤᠯᠬᠤ᠂ ᠡᠪᠳᠡᠬᠦ ᠪᠠᠶᠢᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠭᠦᠨᠵᠡᠭᠡᠶ ᠰᠤᠷᠤᠯᠴᠠᠬᠤ᠂ ᠨᠠᠷᠢᠨ ᠰᠤᠳᠤᠯᠬᠤ᠂ ᠰᠠᠭᠤᠷᠢ ᠶᠢ ᠴᠢᠩᠭᠠᠳᠬᠠᠬᠤ᠂ ᠪᠣᠳᠠᠲᠠᠶ ᠠᠵᠢᠯᠯᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠲᠠᠨᠢᠯᠲᠠ ᠪᠠᠨ ᠳᠡᠭᠡᠭᠰᠢᠯᠡᠭᠦᠯᠬᠦ᠂ ᠠᠰᠠᠭᠤᠳᠠᠯ ᠢ ᠰᠢᠢᠳᠪᠦᠷᠢᠯᠡᠬᠦ᠂ ᠣᠯᠠᠨ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠪᠦᠲᠦᠮᠵᠢᠲᠡᠶ ᠡᠷᠳᠡᠨᠢ ᠪᠣᠯᠭᠠᠨ ᠬᠤᠪᠢᠷᠠᠭᠤᠯᠵᠤ᠂ ᠭᠤᠤᠯ ᠰᠡᠳᠦᠪᠲᠦ ᠬᠥᠮᠦᠵᠢᠯ ᠤᠨ ᠶᠠᠰᠤ ᠴᠢᠨᠠᠷ ᠢ ᠠᠳᠬᠤᠬᠤ᠂ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ ᠭᠡᠵᠤ ᠬᠡᠯᠡᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号