ᠬᠠᠶᠢᠪᠸᠢ ᠵᠡᠭᠡᠯᠢ ᠭᠤᠳᠤᠮᠵᠢ ᠶᠢᠨ ᠳ᠋ᠦᠩ ᠬᠤᠸᠠᠨ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/11/28
      ᠬᠠᠶᠢᠪᠸᠢ ᠵᠡᠭᠡᠯᠢ ᠭᠤᠳᠤᠮᠵᠢ ᠶᠢᠨ ᠳ᠋ᠦᠩ ᠬᠤᠸᠠᠨ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ︽ᠭᠤᠷᠪᠠ ᠶᠢ ᠶᠠᠷᠢᠵᠤ ᠭᠤᠷᠪᠠ ᠶᠢ ᠬᠦᠷᠭᠡᠬᠦ︾ ᠠᠵᠢᠯᠯᠠᠭ᠎ᠠ ᠶᠢ ᠭᠤᠤᠯ ᠰᠡᠳᠦᠪᠲᠦ ᠬᠥᠮᠦᠵᠢᠯ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠶ ᠠᠬᠢᠭᠤᠯᠪᠠ᠃ 11 ᠰᠠᠷ᠎ᠠ ᠶᠢᠨ 16᠎ ᠤ ᠡᠳᠦᠷ᠂ ᠨᠡᠶᠢᠭᠡᠮ ᠲᠣᠭᠤᠷᠢᠭ ᠦᠬᠠᠶ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ ᠬᠠᠶᠢᠪᠸᠢ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠠᠢ ᠬᠠᠮᠲᠤᠷᠠᠨ ︽ᠤᠯᠤᠰ ᠲᠥᠷᠥ ᠶᠢᠨ ᠵᠥᠪᠯᠡᠯᠭᠡᠨ ᠨᠡᠶᠢᠭᠡᠮ ᠲᠣᠭᠤᠷᠢᠭ ᠲᠤ ᠬᠦᠷᠴᠤ ᠡᠷᠡᠭᠦᠯ ᠮᠡᠨᠳᠦ ᠶᠢ ᠬᠦᠷᠭᠡᠬᠦ︾ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠠᠪᠠᠭᠤᠯᠢᠭ ᠪᠠ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠠᠶ ᠮᠡᠷᠭᠡᠵᠢᠯᠲᠡᠨ ᠨᠡᠶᠢᠭᠡᠮ ᠲᠣᠭᠤᠷᠢᠭ ᠲᠤ ᠣᠷᠣᠵᠤ᠂ ᠰᠠᠭᠤᠭᠠᠯᠢ ᠠᠷᠠᠳ ᠲᠤ ᠲᠤᠰᠬᠠᠶ ᠮᠡᠷᠭᠡᠵᠢᠯ ᠡᠮᠴᠢᠯᠡᠭᠡ ᠬᠦᠷᠲᠡᠭᠡᠪᠡ᠃      ᠡᠮᠴᠢᠯᠡᠭᠡᠨ ᠤ ᠲᠤᠬᠠᠶ ᠶᠢᠨ ᠲᠠᠯᠠᠪᠠᠶ ᠳᠤ ᠵᠢᠷᠤᠬᠡᠨ ᠤ ᠭᠠᠳᠠᠷ ᠡᠮᠨᠡᠯᠭᠡ᠂ ᠮᠡᠳᠡᠷᠡᠯ ᠤᠨ ᠳᠣᠲᠣᠷ ᠰᠠᠯᠠᠭ᠎ᠠ᠂ ᠴᠢᠰᠤ ᠶᠡᠭᠦᠯᠡᠬᠦ ᠰᠠᠯᠠᠭ᠎ᠠ᠂ ᠠᠮᠢᠰᠬᠤᠯ ᠤᠨ ᠰᠠᠯᠠᠭ᠎ᠠ᠂ ᠪᠠᠮᠪᠠᠢ ᠪᠤᠯᠴᠢᠷᠬᠠᠶ᠂ ᠰᠢᠩᠭᠡᠭᠡᠯᠲᠡ ᠶᠢᠨ ᠳᠣᠲᠣᠷ ᠰᠠᠯᠠᠭ᠎ᠠ᠂ ᠳᠦᠷᠰᠦ ᠰᠢᠩᠭᠡᠭᠡᠯᠲᠡ ᠶᠢᠨ ᠰᠠᠯᠠᠭ᠎ᠠ᠂ ᠠᠮᠠᠨ ᠬᠥᠨᠳᠡᠶ ᠶᠢᠨ ᠡᠮᠨᠡᠯᠭᠡ ︵ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︶ ᠂ ᠡᠮ ᠨᠠᠶᠢᠷᠠᠯᠭ᠎ᠠ ᠶᠢᠨ ᠰᠠᠯᠠᠭ᠎ᠠ ︵ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ︶ ᠵᠡᠷᠭᠡ ᠣᠨᠣᠰᠢᠯᠠᠨ ᠡᠮᠨᠡᠬᠦ ᠦᠢᠯᠡᠴᠢᠯᠡᠭᠡ ᠶᠢ ᠨᠡᠭᠡᠭᠡᠵᠦ᠂ ᠡᠮᠨᠡᠭᠦᠯᠬᠦ ᠪᠠᠷ ᠢᠷᠡᠭᠰᠡᠨ ᠰᠠᠭᠤᠭᠠᠯᠢ ᠠᠷᠠᠳ ᠬᠤᠶᠢᠨ᠎ᠠ ᠬᠤᠶᠢᠨ᠎ᠠ ᠠᠴᠠ ᠪᠠᠨ ᠴᠤᠪᠦᠷᠠᠪᠠ᠃ ᠠᠯᠪᠠᠨ ᠵᠢᠷᠤᠮ ᠤᠨ ᠡᠮᠴᠢᠯᠡᠭᠡᠨ ᠤ ᠲᠤᠰᠬᠠᠶ ᠮᠡᠷᠭᠡᠵᠢᠯᠲᠡᠨ ᠰᠠᠭᠤᠭᠠᠯᠢ ᠠᠷᠠᠳ ᠤᠨ ᠡᠪᠡᠳᠴᠢᠨ ᠤ ᠪᠠᠶᠢᠳᠠᠯ ᠢ ᠪᠠᠶᠢᠴᠠᠭᠠᠨ ᠦᠵᠡᠬᠦ᠂ ᠴᠢᠰᠤᠨ ᠳᠠᠷᠤᠯᠲᠠ ᠶᠢ ᠬᠡᠮᠵᠢᠬᠦ᠂ ᠰᠠᠭᠤᠭᠠᠯᠢ ᠠᠷᠠᠳ ᠤᠨ ᠳᠤᠷᠠᠳᠤᠭᠰᠠᠨ ᠠᠰᠠᠭᠤᠳᠠᠯ ᠢ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠬᠤ ᠶᠢᠨ ᠬᠠᠮᠲᠤ ᠡᠮ ᠬᠡᠷᠡᠭᠯᠡᠬᠦ ᠵᠢᠯᠣᠭᠤᠳᠣᠯᠭ᠎ᠠ ᠵᠢᠴᠢ ᠣᠨᠣᠰᠢᠯᠠᠨ ᠡᠮᠨᠡᠬᠦ ᠰᠠᠨᠠᠭᠤᠯᠭ᠎ᠠ ᠭᠠᠷᠭᠠᠪᠠ᠃ ᠡᠭᠦᠨ ᠤ ᠬᠠᠮᠲᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠠᠴᠠ ᠰᠠᠭᠤᠭᠠᠯᠢ ᠠᠷᠠᠳ ᠲᠤ ᠸᠠᠺᠼᠢᠨ ᠤ ᠲᠠᠷᠢᠯᠭ᠎ᠠ ᠬᠢᠬᠦ᠂ ᠡᠷᠡᠭᠦᠯ ᠬᠠᠮᠠᠭᠠᠯᠠᠯ ᠡᠷᠡᠭ᠊ ‍ᠦᠯ ᠮᠡᠨᠳᠦ ᠶᠢ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠡᠮ ᠬᠡᠷᠡᠭᠯᠡᠬᠦ᠂ ᠡᠷᠡᠭᠦᠯ ᠮᠡᠨᠳᠦ ᠪᠡᠶ᠎ᠡ ᠰᠤᠪᠢᠯᠠᠯᠲᠠ ᠵᠡᠷᠭᠡ ᠲᠠᠯ᠎ᠠ ᠶᠢᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠠᠩᠬᠠᠷᠴᠤ᠂ ᠡᠪᠡᠳᠴᠢᠨ ᠡᠮᠭᠡᠭ ᠢ ᠡᠷᠲᠡ ᠢᠯᠡᠷᠡᠭᠦᠯᠵᠦ ᠡᠷᠲᠡ ᠡᠮᠨᠡᠨ ᠵᠠᠰᠠᠬᠤ ᠶᠢ ᠪᠡᠶᠡᠯᠡᠭᠦᠯᠦᠨ᠎ᠡ᠃ ᠠᠵᠢᠯᠯᠠᠭ᠎ᠠ ᠨᠢ ᠭᠤᠷᠪᠠᠨ ᠴᠠᠭ ᠦᠷᠭᠦᠯᠵᠢᠯᠡᠵᠦ᠂ 200 ᠭᠠᠷᠤᠶ ᠬᠥᠮᠦᠨ ᠤᠳᠠᠭ᠎ᠠ ᠬᠦᠯᠢᠶᠡᠨ ᠠᠪᠴᠤ ᠡᠮᠨᠡᠭᠦᠯᠵᠡᠶ ᠃      ᠳ᠋ᠦᠩ ᠬᠤᠸᠠᠨ ᠵᠠᠮ ᠤᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠣᠰ ᠤᠳᠠᠭᠠᠨ ᠤ ᠡᠮᠴᠢᠯᠡᠭᠡ ᠰᠤᠪᠢᠯᠠᠯᠲᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠣᠯᠠᠨ ᠲᠦᠮᠡᠨ ᠲᠠᠢ ᠬᠠᠷᠢᠯᠴᠠᠵᠤ  ᠤᠶᠢᠯᠡᠴᠢᠯᠡᠬᠦ ︽ᠬᠠᠷᠠᠭᠳᠠᠯ︾᠎ ᠢ ᠤᠯᠠᠮ ᠨᠢᠭᠡ ᠠᠯᠬᠤᠮ ᠤᠷᠲᠤᠳᠬᠠᠵᠤ᠂ ᠭᠤᠤᠯ ᠰᠡᠳᠦᠪᠲᠦ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ︽ᠡᠮᠴᠢᠯᠡᠭᠡ︾᠎ ᠪᠠᠷ ᠠᠷᠠᠳ ᠲᠤ ᠠᠰᠢᠭ ᠬᠦᠷᠲᠡᠭᠡᠵᠦ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠡᠷ ᠤᠨ ᠡᠭᠦᠳᠡᠨ ᠳᠤ ᠳᠥᠭᠦᠮ ᠳᠥᠲᠡ᠂ ᠪᠦᠷᠢᠨ ᠭᠦᠢᠴᠡᠳ ᠤᠶᠢᠯᠡᠴᠢᠯᠡᠭᠡ ᠭᠥᠷᠳᠡᠬᠦ ᠶᠢ ᠦᠨᠡᠨ ᠬᠦ ᠪᠡᠶᠡᠯᠡᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ ᠲᠥᠷᠥᠭᠳᠡᠯ ᠢ ᠨᠢ ᠳᠡᠭᠡᠭᠰᠢᠯᠡᠭᠦᠯᠪᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号